ᠵᠦᠸᠧᠽᠢ ᠰᠢᠶᠠᠨ ᠤ 2023 ᠣᠨ ᠤ 1 ︱ 8 ᠳ᠋ᠤᠭᠠᠷ ᠰᠠᠷ᠎ᠠ ᠳᠤ ᠡᠳ᠋ ᠤᠨ ᠵᠠᠰᠠᠭ ᠤᠨ ᠰᠢᠭᠤᠳ ᠬᠦᠷᠬᠦ ᠪᠡᠯᠡ ᠮᠥᠩᠭᠦ ᠶᠢ ᠪᠠᠭᠤᠯᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2023/9/13
    ᠵᠦᠸᠧᠽᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠰᠲ᠋ᠧᠮ ᠤᠨ ᠭᠦᠢᠴᠡᠳᠬᠡᠬᠦ ᠲᠤᠭ᠎ᠠ ᠶᠢ ᠨᠤᠲᠠᠯᠠᠬᠤ ᠵᠢᠴᠢ ᠬᠤᠪᠢᠶᠠᠷᠢᠯᠠᠬᠤ ᠠᠵᠢᠯ ᠢ ᠨᠢᠭᠡ ᠵᠦᠢᠯ ᠤᠨ ᠪᠠᠶᠢᠩᠭᠤ ᠶᠢᠨ ᠠᠵᠢᠯ ᠤᠨ ᠡᠭᠦᠷᠭᠡ ᠪᠣᠯᠭᠠᠨ ᠴᠥᠬᠦᠷᠡᠰᠢ ᠦᠭᠡᠢ ᠠᠳᠬᠤᠪᠠ᠃     2023 ᠣᠨ ᠤ 1 ︱ 8 ᠰᠠᠷ᠎ᠠ ᠳᠤ᠂ ᠵᠦᠸᠧᠽᠢ ᠰᠢᠶᠠᠨ ᠳᠡᠭᠡᠳᠦ ᠱᠠᠲᠤᠨ ᠤ ᠪᠠᠭᠤᠯᠭᠠᠭᠰᠠᠨ ᠰᠢᠭᠤᠳ ᠬᠦᠷᠬᠦ ᠪᠡᠯᠡ ᠮᠥᠩᠭᠦ ᠶᠢᠨ ᠲᠤᠰᠬᠠᠢ ᠭᠦᠢᠴᠡᠳᠬᠡᠯ ᠲᠤᠭ᠎ᠠ ᠶᠢ 24 ᠵᠦᠢᠯ ᠭᠥᠯᠢᠶᠡᠨ ᠠᠪᠴᠤ᠂ ᠨᠡᠶᠢᠲᠡ 73403.66 ᠲᠦᠮᠡᠨ ᠲᠥᠭᠦᠷᠢᠭ ᠲᠤ ᠬᠦᠷᠴᠡᠢ᠃ ᠡᠭᠦᠨ ᠳᠤ᠄ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠵᠡᠷᠭᠡ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ 2491 ᠲᠦᠮᠡᠨ ᠲᠥᠭᠦᠷᠢᠭ᠂ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠰᠢᠯᠵᠢᠭᠦᠯᠦᠨ ᠥᠭᠬᠦ ᠪᠡᠯᠡ ᠮᠥᠩᠭᠦ 34516.66 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ 36396 ᠲᠦᠮᠡᠨ ᠲᠥᠭᠦᠷᠢᠭ ᠢ ᠨᠠᠶᠢᠳᠠᠪᠤᠷᠢᠵᠢᠭᠤᠯᠬᠤ ᠶᠢ ᠳᠡᠮᠵᠢᠪᠡ᠃     ᠵᠦᠸᠧᠽᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠭᠤᠳ ᠬᠦᠷᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠴᠢᠭᠯᠡᠯ ᠶᠣᠰᠣᠭᠠᠷ᠂ ᠭᠤᠣᠯᠳᠠᠯᠭ᠎ᠠ ᠲᠠᠢ ᠬᠦᠷᠢᠶᠡᠨ ᠤ ᠵᠠᠷᠤᠯᠭ᠎ᠠ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2