ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/14
   9 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠠᠶᠢᠳᠠᠯ ᠪᠣᠯᠣᠨ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ 8 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠲᠤ ᠥᠭᠭᠦᠭᠰᠡᠨ ᠵᠠᠬᠢᠳᠠᠯ᠂ ᠰᠧᠴᠤᠸᠠᠨ ᠤ ᠯᠢᠶᠠᠩᠱᠠᠨ ᠵᠧᠦ ᠶᠢᠨ ᠵᠢᠨᠶᠠᠩ ᠰᠢᠶᠠᠨ ᠤ ᠠᠭᠤᠯᠠᠨ ᠦᠶᠡᠷ ᠤᠨ ᠭᠠᠮᠰᠢᠭ ᠲᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ  ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠤᠯᠠᠭᠠᠨᠴᠠᠪ ᠤᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢᠨ᠎ᠡ ᠵᠠᠮ ᠢ ᠴᠢᠷᠮᠠᠶᠢᠨ ᠨᠡᠭᠡᠭᠡᠵᠦ᠂ ᠠᠵᠤ ᠦᠢᠯᠡᠰ ᠢ ᠪᠣᠶᠢᠵᠢᠭᠤᠯᠵᠤ᠂ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠂ ᠣᠷᠣᠨ ᠲᠠᠪᠰᠢᠯᠳᠠ ᠶᠢ ᠴᠢᠷᠮᠠᠶᠢᠨ ᠪᠡᠶᠡᠯᠡᠭᠦᠯᠵᠦ᠂ ᠬᠤᠶᠠᠷ ᠲᠣᠮᠣ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠤᠳᠤᠷᠢᠳᠬᠤ ᠴᠢᠳᠠᠪᠤᠷᠢ ᠲᠠᠢ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2