ᠴᠢ ᠹᠧᠢ ᠶᠦᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠪᠠ ᠤᠯᠠᠭᠠᠨᠴᠠᠪ ᠤᠨ ᠦᠳᠡᠰᠢ ᠶᠢᠨ ᠮᠥᠰᠥ ᠴᠠᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/14
   9 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠠᠶᠤᠯᠭᠦᠢ ᠦᠢᠯᠡᠳᠪᠦᠷᠢᠯᠡᠯ ᠪᠠ ᠤᠯᠠᠭᠠᠨᠴᠠᠪ ‍ᠤᠨ‌ᠦᠳᠡᠰᠢ ᠶᠢᠨ ᠮᠥᠰᠥ ᠴᠠᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠨᠠᠨ ᠳ᠋ᠠ ᠭᠡᠷᠡᠯ ᠴᠠᠬᠢᠯᠭᠠᠨ ︵ᠤᠯᠠᠭᠠᠨᠴᠠᠪ︶ ᠤ ᠬᠢᠵᠠᠭᠠᠷᠲᠤ ᠺᠣᠮᠫᠠᠨᠢ᠂ ᠯᠦ ᠵᠢᠦᠢ ᠰᠦᠯᠢᠶᠥᠦ ᠴᠠᠪᠠᠤ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠂ ᠠᠶᠤᠯᠭᠦᠢ ᠦᠢᠯᠡᠳᠪᠦᠷᠢᠯᠡᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ᠂ ᠡᠳᠦᠷ ᠳᠤᠳᠤᠮ ᠤᠨ ᠠᠮᠤᠷ ᠲᠦᠪᠰᠢᠨ ᠤ ᠬᠠᠮᠢᠶᠠᠷᠤᠯᠲᠠ᠂ ᠠᠶᠤᠯ ᠲᠦᠭᠰᠢᠭᠦᠷᠢ ᠶᠢᠨ ᠬᠡᠮ ᠰᠣᠭᠤᠭ ᠤᠨ ᠪᠠᠶᠢᠴᠠᠭᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂  ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠨᠠᠷᠢᠨ ᠲᠠᠩᠰᠠᠴᠢᠯᠠᠵᠦ᠂ ᠪᠢᠲᠡᠭᠦᠦ ᠴᠠᠭᠠᠷᠢᠭ ᠤᠨ ᠬᠡᠯᠪᠡᠷᠢ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠮᠦᠨ᠎ᠡ ᠹᠷᠣᠨᠲ ᠤᠨ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠪᠣᠯᠣᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠳᠦᠷᠢᠮ ᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠣᠷᠢᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠤᠯᠠᠭᠠᠨᠴᠠᠪ ᠤᠨ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠳᠤ᠂ ᠴᠢ ᠹᠧᠢ ᠶᠦᠨ ᠤᠯᠠᠭᠠᠨᠴᠠᠪ ᠤᠨ ᠦᠳᠡᠰᠢ ᠶᠢᠨ ᠮᠥᠰᠥ ᠴᠠᠰᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠤᠯᠠᠭᠠᠨᠴᠠᠪ ᠤᠨ ᠦᠳᠡᠰᠢ ᠶᠢ ᠨᠡᠩ ᠣᠨᠴᠠᠯᠢᠭ ᠲᠠᠢ᠂ ᠨᠡᠩ ᠨᠥᠯᠥᠭᠡᠯᠡᠬᠦ ᠬᠦᠴᠦᠨ ᠲᠠᠢ ᠪᠣᠯᠭᠠᠨ ᠴᠣᠭᠴᠠᠯᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠢᠯᠴᠢ ᠬᠠᠩᠭᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠡᠷᠬᠢᠨ ᠲᠣᠭᠤᠷᠢᠨ ᠤ ᠣᠷᠴᠢᠨ ᠠᠬᠤᠢ ᠶᠢᠨ ᠵᠠᠰᠠᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠰᠣᠶᠣᠯ ᠤᠨ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠪᠥᠭᠡᠳ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠤᠯᠠᠭᠠᠨᠴᠠᠪ ᠤᠨ︾ ᠭᠡᠬᠦ ᠰᠢᠷᠢᠰ ᠨᠠᠷᠠᠲᠤ ᠲᠡᠮᠳᠡᠭᠲᠦ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠥᠰᠥ ᠴᠠᠰᠤᠨ ᠤ ᠠᠵᠤ ᠠᠬᠤᠢ᠂ ᠵᠤᠨ ᠤ ᠤᠯᠠᠷᠢᠯ ᠤᠨ ᠠᠵᠤ ᠠᠬᠤᠢ᠂ ᠪᠠᠶᠠᠷ ᠳᠤᠷᠠᠰᠬᠠᠯ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠥᠬᠦ ᠤᠯᠠᠷᠢᠯ ᠤᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃     ᠹᠠᠩ ᠽᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2