ᠯᠢᠶᠡᠩᠴᠧᠩ ᠰᠢᠶᠠᠨ ︽ᠨᠡᠮᠡᠭᠳᠡᠯ ᠬᠠᠰᠤᠭᠳᠠᠯ ᠢ ᠬᠤᠯᠪᠤᠬᠤ︾ ᠲᠦᠷᠦᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠢ ᠪᠦᠲᠦᠮᠵᠢᠲᠡᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2023/9/14
    ᠡᠨᠡ ᠵᠢᠯ ᠠᠴᠠ ᠨᠠᠰᠢ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠵᠦᠢᠯᠡᠰ ᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠰᠢᠶᠠᠨ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠥᠬᠦ ᠬᠦᠴᠦᠨ ᠤ ᠬᠠᠮᠵᠢᠯᠴᠠᠭ᠎ᠠ ᠪᠠᠷ ᠳᠡᠮᠵᠢᠨ᠂ ᠠᠵᠢᠯ ᠢᠶᠠᠨ ᠦᠷᠭᠦᠯᠵᠢᠯᠡᠨ ᠳᠡᠭᠡᠳᠦ ᠬᠤᠷᠳᠤᠴᠠ ᠪᠠᠷ ᠴᠢᠨᠠᠷ ᠰᠠᠶᠢᠲᠠᠢ ᠠᠬᠢᠭᠤᠯᠵᠤ᠂ ᠬᠠᠭᠤᠴᠢᠨ ᠭᠡᠷ ᠪᠠᠶᠢᠰᠢᠩ ᠢ ᠨᠤᠷᠠᠭᠠᠬᠤ ᠳᠤ ᠬᠦᠴᠢᠷ᠂ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠢᠷ ᠵᠡᠷᠭᠡ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠵᠦᠢᠯᠡᠰ ᠤᠨ ᠠᠵᠢᠯ ᠤᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠢ ᠲᠤᠰᠬᠠᠶᠢᠯᠠᠨ ᠬᠤᠷᠠᠯᠳᠤᠭᠤᠯᠵᠤ᠂ ᠵᠦᠢᠯᠡᠰ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ 9 ᠰᠠᠷ᠎ᠠ ᠶᠢᠨ 13 ᠤ ᠡᠳᠦᠷ ᠪᠣᠯᠲᠠᠯ᠎ᠠ᠂ ᠯᠢᠶᠡᠩᠴᠧᠩ ᠰᠢᠶᠠᠨ ᠤ 2023 ᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠪᠠ᠂ ᠨᠤᠷᠠᠭᠠᠵᠤ ᠨᠡᠭᠦᠯᠭᠡᠬᠦ ᠲᠠᠯᠠᠪᠠᠶ ᠨᠢ 1095.9 ᠮᠦ ᠪᠠᠶᠢᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠤᠬᠠᠢ ᠶᠢᠨ ᠭᠠᠵᠠᠷ ᠲᠤᠨᠢ ᠬᠦᠷᠴᠦ ᠬᠠᠶᠢᠨ ᠰᠢᠨᠵᠢᠵᠦ ᠳᠠᠭᠤᠰᠪᠠ᠂ ᠣᠲᠣ ᠶᠠᠭ ᠬᠤᠲᠠ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠤ ᠬᠠᠶᠢᠨ ᠰᠢᠨᠵᠢᠭᠰᠡᠨ ᠰᠠᠨᠠᠯ ᠤᠨ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠪᠠᠶᠢᠨ᠎ᠠ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ ᠲᠣᠭᠲᠠᠭᠠᠯᠲᠠ ᠵᠡᠷᠭᠡ ᠵᠠᠯᠭᠠᠮᠵᠢ ᠠᠵᠢᠯ ᠢ ᠳᠡᠪᠰᠢᠭᠦᠯᠦᠨ ᠲᠤᠰᠢᠶᠠᠬᠤ ᠪᠠᠷ ᠪᠠᠶᠢᠨ᠎ᠠ᠃ ᠡᠯ᠎ᠡ ᠰᠢᠶᠠᠩ ᠪᠠᠯᠭᠠᠰᠤᠨ ᠤ ᠨᠡᠮᠡᠭᠳᠡᠯ ᠬᠠᠰᠤᠭᠳᠠᠯ ᠡᠯᠭᠦᠭᠡ ᠨᠤᠷᠠᠭᠠᠯᠲᠠ ᠶᠢᠨ ᠬᠠᠭᠤᠴᠢᠨ ᠲᠣᠰᠬᠤᠨ ᠢ ᠦᠨᠡᠯᠡᠨ ᠵᠢᠱᠢᠬᠦ ᠠᠵᠢᠯ ᠢ ᠨᠢᠭᠡᠨᠲᠡ 8 ᠰᠢᠶᠠᠩ ᠪᠠᠯᠭᠠᠰᠤ ᠥᠷᠨᠢᠭᠦᠯᠵᠦ᠂ 1362 ᠲᠠᠷᠢᠶᠠᠴᠢᠨ ᠡᠷᠦᠬᠡ ᠳᠤ ᠬᠤᠯᠪᠣᠭᠳᠠᠵᠠᠢ᠂ ᠵᠢᠱᠢᠯᠲᠡ ᠪᠠᠷ ᠲᠣᠰ ᠲᠥᠷᠥᠯ ᠵᠦᠢᠯ ᠢ 2023 ᠣᠨ ᠤ ᠡᠴᠦᠰ ᠲᠤ ᠲᠤᠰᠢᠶᠠᠨ ᠥᠭᠬᠦ᠂ ᠬᠤᠪᠢᠷᠠᠭᠤᠯᠬᠤ ᠵᠡᠷᠭᠡ ᠠᠵᠢᠯ ᠢ ᠰᠢᠯᠭᠠᠨ ᠠᠪᠴᠤ ᠳᠠᠭᠤᠰᠬᠠᠬᠤ ᠪᠣᠯᠣᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2