9 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠠᠶᠢᠳᠠᠯ ᠪᠣᠯᠣᠨ | ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ 8 ᠰᠠᠷ᠎ᠠ ᠶᠢᠨ 31 ᠤ ᠡᠳᠦᠷ ᠤᠨ ᠲᠥᠪ ᠤᠨ | ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ | ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠲᠤ ᠥᠭᠭᠦᠭᠰᠡᠨ ᠵᠠᠬᠢᠳᠠᠯ᠂ ᠰᠧᠴᠤᠸᠠᠨ ᠤ ᠯᠢᠶᠠᠩᠱᠠᠨ | ᠵᠧᠦ ᠶᠢᠨ ᠵᠢᠨᠶᠠᠩ ᠰᠢᠶᠠᠨ ᠤ ᠠᠭᠤᠯᠠᠨ ᠦᠶᠡᠷ ᠤᠨ ᠭᠠᠮᠰᠢᠭ ᠲᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ | ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ | ᠤᠯᠠᠭᠠᠨᠴᠠᠪ ᠤᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢᠨ᠎ᠡ ᠵᠠᠮ ᠢ ᠴᠢᠷᠮᠠᠶᠢᠨ ᠨᠡᠭᠡᠭᠡᠵᠦ᠂ ᠠᠵᠤ ᠦᠢᠯᠡᠰ ᠢ | ᠪᠣᠶᠢᠵᠢᠭᠤᠯᠵᠤ᠂ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠂ ᠣᠷᠣᠨ ᠲᠠᠪᠰᠢᠯᠳᠠ ᠶᠢ ᠴᠢᠷᠮᠠᠶᠢᠨ ᠪᠡᠶᠡᠯᠡᠭᠦᠯᠵᠦ᠂ | ᠬᠤᠶᠠᠷ ᠲᠣᠮᠣ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠡᠷᠡᠰ ᠪᠠᠲᠤᠯᠠᠬᠤ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠦᠨᠡᠨᠬᠦ ᠰᠠᠶᠢᠲᠤᠷ | ᠠᠳᠬᠤᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ | ᠵᠣᠬᠢᠴᠠᠭᠰᠠᠨ᠂ ᠤᠳᠤᠷᠢᠳᠬᠤ ᠴᠢᠳᠠᠪᠤᠷᠢ ᠲᠠᠢ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠴᠢᠷᠮᠠᠶᠢᠨ | ᠬᠥᠮᠥᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ᠂ | ᠴᠢᠨᠠᠷ ᠰᠠᠶᠢᠲᠠᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ | ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |