ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/15
   9 ᠰᠠᠷ᠎ᠠ ᠶᠢᠨ 13 ᠤ ᠡᠳᠦᠷ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢ ᠠᠬᠤᠢ ᠶᠢᠨ ᠲᠥᠪ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠨ ᠶᠢᠩ ᠹᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ ᠢᠷᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠬᠤᠪᠢᠶᠠᠷᠢ ᠲᠥᠷᠥᠯ ᠵᠦᠢᠯ ᠤᠨ ᠲᠥᠯᠦᠪᠵᠢᠭᠦᠯᠭᠡ ᠵᠢᠴᠢ ᠪᠦᠲᠦᠭᠡᠨ ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠵᠤᠷᠭᠠᠨ ᠤ ᠳᠠᠷᠤᠭ᠎ᠠ ᠸᠠᠩ ᠭᠤᠸᠠᠨ ᠼᠦᠩ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠬᠢᠪᠡ᠃ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠯᠠᠭᠠᠨᠴᠠᠪ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠢᠭᠡᠳ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠥᠷᠥᠯ ᠵᠦᠢᠯ ᠤᠨ ᠲᠥᠯᠦᠪᠵᠢᠭᠦᠯᠭᠡ ᠪᠠ ᠲᠥᠰᠥᠯ ᠢ ᠨᠠᠶᠢᠷᠠᠭᠤᠯᠤᠨ ᠵᠣᠬᠢᠶᠠᠬᠤ ᠠᠰᠠᠭᠤᠳᠠᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢᠨ ᠲᠤᠬᠠᠢ ᠶᠠᠷᠢᠯᠴᠠᠨ ᠰᠣᠯᠢᠯᠴᠠᠪᠠ᠃   ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠥᠷᠥᠯ ᠵᠦᠢᠯ ᠢ ᠲᠥᠯᠥᠪᠵᠢᠭᠦᠯᠬᠦ ᠵᠢᠴᠢ ᠪᠦᠲᠦᠭᠡᠨ ᠪᠠᠶᠢᠭᠤᠯᠬᠤ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠤᠨ ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠬᠡᠵᠦ᠂ ᠲᠦᠷᠦᠯ ᠵᠦᠢᠯ ᠤᠨ ᠲᠥᠯᠦᠪᠵᠢᠭᠦᠯᠭᠡ ᠪᠣᠯᠣᠨ ᠲᠥᠰᠥᠯ ᠢ ᠨᠠᠶᠢᠷᠠᠭᠤᠯᠤᠨ ᠵᠣᠬᠢᠶᠠᠬᠤ ᠳᠠᠭᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠣᠩᠭᠤᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ ᠦᠷᠳᠡᠭ ᠪᠣᠯᠣᠨ ᠠᠵᠤ ᠠᠬᠤᠢ ᠶᠢᠨ ᠦᠷᠳᠡᠭ ᠢ ᠬᠠᠮᠲᠤ ᠳᠤᠨᠢ ᠬᠠᠷᠠᠭᠠᠯᠵᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2