ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢ ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠂ ᠪᠠᠰᠠ ᠴᠤ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠬᠤᠲᠠ ᠶᠢᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠲᠠ ᠶᠢᠨ 2023 ᠣᠨ ᠤ ᠠᠵᠢᠯ ᠤᠨ ᠶᠡᠷᠦᠩᠬᠡᠢ ᠬᠠᠷᠠᠯᠲᠠ | ᠡᠭᠦᠷᠭᠡ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠡᠳᠦᠭᠡ ᠳᠣᠣᠷ᠎ᠠ ᠬᠠᠭᠠᠰ ᠵᠢᠯ ᠤᠨ ᠪᠥᠬᠦ ᠬᠤᠲᠠ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠰᠠᠶᠢᠲᠤᠷ ᠬᠢᠨ᠎ᠡ | ︵ᠨᠢᠭᠡ︶ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ᠃ ᠴᠢᠨᠠᠷ ᠰᠠᠶᠢᠲᠠᠢ | ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ | ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠶ ᠣᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠤᠶᠠᠯᠳᠤᠭᠤᠯᠤᠨ ᠮᠡᠳᠡᠭᠡ ᠵᠠᠩᠭᠢ ᠶᠢ | ᠢᠯᠡ ᠪᠣᠯᠭᠠᠬᠤ ᠶᠢ ᠰᠠᠶᠢᠲᠤᠷ ᠬᠢᠨ᠎ᠡ︔ ᠰᠢᠨ᠎ᠡ ᠬᠥᠭᠵᠢᠯᠲᠡ ᠶᠢᠨ ᠣᠨᠣᠯᠵᠢᠬᠤᠨ ᠢ ᠴᠠᠭ ᠲᠤᠬᠠᠢ ᠳᠤᠨᠢ ᠪᠦᠷᠢᠨ | ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠪᠠ ︽ᠨᠢᠭᠡ ᠲᠣᠭᠤᠷᠢᠭ | ᠬᠤᠶᠠᠷ ᠬᠦᠢᠰᠦ ᠭᠤᠷᠪᠠᠨ ᠰᠠᠭᠤᠷᠢᠨ ᠭᠠᠵᠠᠷ︾ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠮᠡᠳᠡᠭᠡ | ᠵᠠᠩᠭᠢ ᠶᠢ ᠴᠠᠭ ᠲᠤᠬᠠᠢ ᠳᠤᠨᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠢᠯᠡ ᠪᠣᠯᠭᠠᠨ᠎ᠠ᠃ | ︵ᠬᠤᠶᠠᠷ︶ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠢᠯᠡ ᠪᠣᠯᠭᠠᠬᠤ ᠶᠢ ᠰᠠᠶᠢᠲᠤᠷ ᠬᠢᠨ᠎ᠡ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ | ᠪᠠᠶᠢᠴᠠᠭᠠᠬᠤ᠂ ︽ᠬᠠᠭᠠᠰ ᠳᠤᠲᠠᠭᠤ︾ ᠢᠨᠵᠧᠨᠧᠷᠢᠩ ᠤᠨ ᠲᠤᠶᠢᠯᠪᠤᠷᠢᠲᠠᠢ ᠪᠠᠶᠢᠴᠠᠭᠠᠬᠤ᠂ ᠳᠠᠷᠤᠭᠳᠠᠵᠤ ᠪᠠᠶᠢᠭ᠎ᠠ | ᠪᠡᠯᠡ ᠮᠥᠩᠭᠦ ᠶᠢᠨ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ | ᠡᠬᠢ ᠪᠠᠶᠠᠯᠢᠭ ᠤᠨ ᠬᠦᠴᠦᠨ ᠵᠦᠢᠯ ᠤᠨ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ᠂ ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠦᠭᠡᠢ᠂ ᠰᠤᠯᠠ ᠪᠠᠶᠢᠭ᠎ᠠ ᠭᠠᠵᠠᠷ ᠰᠢᠷᠣᠢ ᠶᠢᠨ ᠲᠤᠶᠢᠯᠪᠤᠷᠢᠲᠠᠢ ᠪᠠᠶᠢᠴᠠᠭᠠᠬᠤ ᠰᠢᠩᠭᠡᠬᠡᠨ | ᠰᠢᠢᠳᠪᠦᠷᠢᠯᠡᠬᠦ ᠠᠵᠢᠯ ᠤᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ᠂ ᠠᠵᠢᠯ ᠤᠨ ᠠᠬᠢᠭᠤᠯᠤᠯ ᠵᠡᠷᠭᠡ | ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠨ᠎ᠡ᠃ | ︵ᠭᠤᠷᠪᠠ︶ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ᠂ ᠠᠷᠠᠯᠵᠢᠶᠠᠴᠢᠨ ᠤᠷᠢᠬᠤ | ᠲᠥᠷᠥᠯ ᠵᠦᠢᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠳᠠᠪᠠᠭᠤᠯᠢᠭ ᠪᠠ ᠣᠨᠴᠠᠯᠢᠭᠲᠤ ᠠᠵᠤ | ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢ | ᠢᠯᠡ ᠪᠣᠯᠭᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ ᠶᠢᠨ ᠨᠥᠬᠦᠪᠦᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ | ᠠᠵᠢᠯ ᠲᠥᠷᠥᠯ ᠤᠨ ᠬᠠᠪᠰᠤᠷᠤᠨ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ ᠮᠡᠳᠡᠭᠡ ᠵᠠᠩᠭᠢ ᠶᠢ | ᠢᠯᠡ ᠪᠣᠯᠭᠠᠬᠤ ᠶᠢ ᠴᠢᠩᠭᠠᠳᠬᠠᠨ᠎ᠠ᠃ | ᠬᠤᠶᠠᠷ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠢ ᠢᠯᠡ ᠪᠣᠯᠭᠠᠬᠤ ᠶᠢ | ᠰᠠᠶᠢᠲᠤᠷ ᠬᠢᠨ᠎ᠡ | ︵ᠨᠢᠭᠡ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠡ᠃ | ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠰᠠᠨᠠᠯ | ᠬᠤᠷᠢᠶᠠᠬᠤ ᠨᠣᠣᠷᠠᠭ ᠢ ᠴᠠᠭ ᠲᠤᠬᠠᠢ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠥᠯ ᠢ ᠤᠩᠰᠢᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ | ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠰᠠᠨᠠᠯ ᠬᠤᠷᠢᠶᠠᠭᠰᠠᠨ | ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ | ᠲᠥᠷᠥ ᠶᠢᠨ ᠪᠣᠳᠣᠯᠭ᠎ᠠ ᠲᠣᠭᠲᠠᠭᠠᠬᠤ ᠳᠤᠮᠳᠠ ᠪᠦᠲᠦᠮᠵᠢᠲᠡᠶ ᠢᠯᠡᠷᠡᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠥᠷᠥᠯ ᠬᠤᠪᠢᠶᠠᠵᠤ᠂ ᠲᠥᠪᠯᠡᠷᠡᠭᠦᠯᠦᠨ | ᠢᠯᠡ ᠪᠣᠯᠭᠠᠬᠤ ᠶᠢ ᠴᠢᠩᠭᠠᠳᠬᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠵᠠᠰᠠᠭ ᠤᠨ ᠣᠷᠳᠣᠨ ᠤ | ᠳᠦᠷᠢᠮ ᠲᠣᠭᠲᠠᠭᠠᠯ ᠢ ᠲᠥᠪᠯᠡᠷᠡᠭᠦᠯᠦᠨ ᠵᠢᠷᠤᠮᠵᠢᠭᠤᠯᠵᠤ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠬᠥᠮᠥᠷᠭᠡ ᠶᠢ ᠴᠠᠭ ᠲᠤᠬᠠᠢ ᠳᠤᠨᠢ ᠬᠥᠳᠡᠯᠦᠩᠭᠦᠢ ᠪᠠᠷ ᠰᠢᠨᠡᠳᠬᠡᠨ᠎ᠡ᠃ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ︾ ᠲᠤᠰᠬᠠᠢ ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ ᠪᠣᠯᠭᠠᠵᠤ᠂ ︽ᠲᠣᠭᠲᠠᠭᠠᠬᠤ | ᠥᠭᠡᠷᠡᠴᠢᠯᠡᠬᠦ ᠬᠦᠴᠦᠨ ᠦᠭᠡᠢ ᠪᠣᠯᠭᠠᠬᠤ︾ ᠱᠠᠭᠠᠷᠳᠠᠯᠭ᠎ᠠ ᠶᠣᠰᠣᠭᠠᠷ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ | ᠴᠡᠪᠡᠷᠯᠡᠬᠦ ᠪᠠ ᠰᠢᠨᠡᠳᠬᠡᠨ᠎ᠡ᠃ ᠪᠢᠴᠢᠭ ᠮᠠᠲ᠋ᠧᠷᠢᠶᠠᠯ ᠤᠨ ᠬᠠᠷᠢᠶᠠᠲᠤ ᠴᠢᠨᠠᠷ ᠢ ᠡᠬᠢ ᠡᠭᠦᠰᠦᠯ ᠠᠴᠠ ᠨᠢ ᠮᠠᠭᠠᠳᠯᠠᠨ | ᠲᠣᠭᠲᠠᠭᠠᠬᠤ ᠠᠵᠢᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ | ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠲᠡᠭᠦᠯᠳᠡᠷᠵᠢᠭᠦᠯᠵᠦ᠂ | ᠭᠤᠣᠯ ᠰᠡᠳᠦᠪ ᠤᠨ ᠬᠤᠪᠢᠶᠠᠷᠢᠯᠠᠯ ᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠪᠦᠲᠦᠮᠵᠢᠲᠦ ᠴᠢᠨᠠᠷ | ᠪᠤᠶᠤ ᠬᠦᠴᠦᠨ ᠲᠠᠢ ᠬᠤᠭᠤᠴᠠᠭ᠎ᠠ ᠶᠢ ᠢᠯᠡᠳᠲᠡ ᠢᠯᠡᠳᠬᠡᠨ᠎ᠡ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠨ᠎ᠠ | ᠃ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠵᠡᠷᠭᠡ ᠳᠤᠨᠢ ᠲᠤᠭᠤᠷᠪᠢᠬᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠬᠤ᠂ ᠵᠡᠷᠭᠡ ᠳᠤᠨᠢ | ᠨᠡᠶᠢᠲᠡᠯᠡᠬᠦ ︽ᠭᠤᠷᠪᠠ ᠶᠢ ᠵᠡᠷᠭᠡ ᠳᠤᠨᠢ ᠬᠢᠬᠦ︾ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ ᠶᠣᠰᠣᠲᠠᠢ ᠶᠢ ᠨᠢ | ᠴᠥᠮ ᠤᠩᠰᠢᠨ ᠲᠠᠶᠢᠯᠪᠤᠷᠢᠯᠠᠬᠤ︾ ᠶᠢ ᠪᠡᠶᠡᠯᠡᠭᠦᠯᠦᠨ᠎ᠡ᠃ ᠲᠠᠶᠢᠯᠤᠮᠵᠢ ᠬᠢᠬᠦ ᠮᠠᠲ᠋ᠧᠷᠢᠶᠠᠯ ᠳᠤ ᠠᠬᠤᠢ ᠪᠠᠶᠢᠳᠠᠯ ᠤᠨ | ᠦᠨᠳᠦᠰᠦᠯᠡᠯ᠂ ᠬᠠᠷᠠᠯᠲᠠ ᠡᠭᠦᠷᠭᠡ᠂ ᠭᠤᠣᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ | ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ | ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠮᠥᠨ ᠴᠢᠨᠠᠷ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠢᠯᠪᠠᠷ ᠣᠶᠢᠯᠠᠭᠠᠮᠵᠢᠲᠠᠢ ᠦᠭᠡ ᠬᠡᠯᠡ ᠶᠢ ᠬᠡᠷᠡᠭᠯᠡᠨ᠂ ᠵᠢᠷᠤᠭ ᠤᠨ ᠲᠠᠶᠢᠯᠪᠤᠷᠢ᠂ ᠺᠠᠷᠲ᠋ᠣᠨ ᠵᠢᠷᠤᠭ ᠵᠡᠷᠭᠡ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢᠶᠠᠷ ᠲᠠᠶᠢᠯᠤᠮᠵᠢ ᠬᠢᠬᠦ ᠶᠢᠨ ᠬᠠᠮᠲᠤ ᠨᠡᠶᠢᠭᠡᠮ ᠤᠨ | ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ | ᠲᠠᠯ᠎ᠠ ᠪᠠᠷ ᠣᠨᠣᠪᠴᠢᠲᠠᠶ ᠳᠠᠮᠵᠢᠭᠤᠯᠤᠨ᠎ᠠ᠃ ᠴᠢᠬᠤᠯᠠ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ᠂ | ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ᠂ ᠴᠢᠬᠤᠯᠠ ᠶᠡᠭᠡ ᠬᠡᠷᠡᠭ ᠶᠠᠪᠤᠳᠠᠯ ᠡᠭᠦᠰᠬᠦ ᠦᠶ᠎ᠡ ᠳᠤ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠮᠡᠳᠡᠭᠡ ᠵᠠᠩᠭᠢ ᠨᠡᠶᠢᠲᠡᠯᠡᠬᠦ᠂ | ᠡᠷᠬᠡ ᠰᠦᠷ ᠲᠠᠢ ᠪᠠᠷ ᠬᠥᠭ ᠠᠶᠠᠰ ᠲᠣᠭᠲᠠᠭᠠᠬᠤ᠂ ᠤᠬᠠᠮᠰᠠᠷ ᠠᠴᠠ ᠪᠠᠨ ᠬᠠᠷᠢᠭᠤᠴᠠᠬᠤ ᠵᠡᠷᠭᠡ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ ᠵᠡᠷᠭᠡ ᠬᠡᠯᠪᠡᠷᠢ ᠪᠠᠷ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠠᠶᠢᠯᠪᠤᠷᠢᠯᠠᠵᠤ᠂ ᠵᠢᠱᠢᠯᠲᠡ ᠶᠢ | ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠤᠨ᠎ᠠ᠃ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠵᠢᠷᠤᠭ ᠦᠰᠦᠭ ᠬᠦᠰᠦᠨᠦᠭᠲᠦ᠂ ᠳᠠᠭᠤ ᠸᠢᠳᠢᠤ᠋᠂ ᠺᠠᠷᠲ᠋ᠣᠨ ᠵᠢᠷᠤᠭ ᠵᠡᠷᠭᠡ ᠬᠡᠯᠪᠡᠷᠢ ᠪᠠᠷ | ᠲᠠᠶᠢᠯᠤᠮᠵᠢ ᠬᠢᠬᠦ ᠪᠠᠨ ᠴᠢᠩᠭᠠᠳᠬᠠᠨ᠎ᠠ᠃ | ᠭᠤᠷᠪᠠ᠂ ᠭᠤᠣᠯᠳᠠᠯᠭ᠎ᠠ ᠲᠠᠢ ᠬᠦᠷᠢᠶᠡᠨ ᠤ ᠠᠵᠢᠯ ᠤᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠨ᠎ᠡ | ︵ᠨᠢᠭᠡ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ | ᠪᠣᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠦᠨ ᠠᠵᠢᠯᠴᠢᠨ᠂ ᠴᠡᠷᠢᠭ ᠠᠴᠠ | ᠬᠠᠯᠠᠭᠳᠠᠭᠰᠠᠳ ᠵᠡᠷᠭᠡ ᠬᠠᠮᠲᠤᠯᠢᠭ ᠲᠤ ᠴᠢᠭᠯᠡᠭᠦᠯᠦᠨ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠦᠷᠦ ᠶᠢᠨ ᠪᠣᠳᠣᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ | ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠬᠦᠷᠭᠡᠬᠦ ᠶᠠᠰᠤ | ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤᠨᠢ ᠳᠡᠯᠭᠡᠷᠡᠭᠦᠯᠵᠦ᠂ ᠨᠠᠩ ᠣᠯᠠᠨ ᠬᠥᠮᠥᠰ ᠲᠤ ᠬᠠᠮᠢᠶ᠎ᠠ ᠪᠦᠬᠦᠢ ᠠᠵᠢᠯ | ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠮᠡᠳᠡᠭᠦᠯᠦᠨ᠎ᠡ᠃ ᠮᠡᠷᠭᠡᠵᠢᠯ ᠤᠨ ᠴᠣᠯᠠ ᠦᠨᠡᠯᠡᠨ | ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠮᠡᠳᠡᠭᠦᠯᠦᠨ ᠬᠦᠷᠭᠡᠬᠦ ᠮᠠᠲ᠋ᠧᠷᠢᠶᠠᠯ᠂ ᠠᠵᠢᠯ ᠤᠨ | ᠶᠠᠪᠤᠴᠠ᠂ ᠴᠠᠭ ᠤᠨ ᠠᠬᠢᠴᠠ ᠵᠢᠴᠢ ᠦᠨᠡᠯᠡᠨ ᠲᠣᠭᠲᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ | ᠲᠠᠯ᠎ᠠ ᠪᠠᠷ ᠨᠡᠶᠢᠲᠡᠯᠡᠨ᠎ᠡ᠃ | ︵ᠬᠤᠶᠠᠷ︶ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ | ᠢᠯᠡ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ ᠪᠠ ᠠᠰᠠᠭᠤᠨ | ᠯᠠᠪᠯᠠᠬᠤ ᠤᠲᠠᠰᠤ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ ᠨᠡᠶᠢᠲᠡᠯᠡᠵᠦ᠂ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠵᠡᠮᠳᠡᠭᠴᠦᠳ ᠤᠨ ᠨᠥᠬᠦᠪᠦᠷᠢ᠂ ᠥᠨᠳᠥᠷ | ᠨᠠᠰᠤᠨ ᠤ ᠨᠡᠮᠡᠭᠦᠷᠢ ᠵᠡᠷᠭᠡ ᠨᠦᠬᠦᠪᠦᠷᠢ ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ | ᠪᠣᠳᠣᠯᠭ᠎ᠠ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠡᠪᠴᠢᠶ᠎ᠡ᠂ ᠠᠷᠠᠳ ᠠᠴᠠ | ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠦᠷᠭᠦᠯᠵᠢᠯᠡᠨ ᠰᠠᠶᠢᠲᠤᠷ ᠬᠢᠨ᠎ᠡ᠃ ᠡᠷᠬᠡ ᠲᠡᠭᠰᠢ ᠲᠥᠪ ᠭᠤᠥᠯᠴᠢ ᠪᠠᠷ ᠰᠤᠷᠭᠠᠭᠤᠯᠢ ᠳᠤ ᠣᠷᠣᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠣᠮᠧᠷ ᠰᠤᠭᠤᠯᠬᠤ ᠲᠥᠷᠥ ᠶᠢᠨ ᠪᠣᠳᠣᠯᠭ᠎ᠠ᠂ ᠬᠡᠷᠡᠭᠰᠡᠬᠦ | ᠮᠠᠲ᠋ᠧᠷᠢᠶᠠᠯ ᠵᠢᠴᠢ ᠨᠣᠮᠧᠷ ᠰᠤᠭᠤᠯᠬᠤ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠡ᠃ | ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ | ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠬᠢᠨᠠᠯᠲᠠ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠪᠣᠯᠭᠠᠨ᠎ᠠ᠃ | ︵ᠳᠥᠷᠪᠡ︶ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢ ᠢᠯᠡ | ᠪᠣᠯᠭᠠᠨ᠎ᠠ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ ᠴᠠᠭ᠂ | ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ ᠣᠯᠠᠨ ᠲᠦᠮᠡᠨ ᠤ | ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ ᠵᠠᠩᠭᠢ ᠶᠢ ᠴᠠᠭ | ᠲᠤᠬᠠᠢ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠤ ᠬᠢᠨᠠᠯᠲᠠ ᠲᠠᠯᠪᠢᠵᠤ ᠪᠠᠶᠢᠴᠠᠭᠠᠬᠤ ᠮᠡᠳᠡᠭᠡ | ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ︵ᠲᠠᠪᠤ︶ ᠠᠮᠢ ᠠᠬᠤᠢ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ ᠬᠤᠲᠠ ᠶᠢᠨ | ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ ᠬᠡᠮᠵᠢᠬᠦ᠂ | ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠭᠰᠡᠨ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ ᠰᠠᠶᠢᠲᠤᠷ | ᠬᠢᠨ᠎ᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ | ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠵᠢᠷᠭᠤᠭ᠎ᠠ︶ ᠠᠶᠤᠯ ᠦᠭᠡᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠠᠳᠡᠯ ᠤᠨ ᠭᠠᠮᠰᠢᠭ ᠤᠨ | ᠲᠥᠷᠥᠯ ᠤᠨ ᠰᠡᠷᠭᠡᠭ ᠪᠤᠰᠤ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭ᠎ᠠ | ᠠᠪᠤᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠰᠠᠨ ᠦᠷ᠎ᠡ ᠳ᠋ᠦᠩ ᠵᠡᠷᠭᠡ | ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠢ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠢ ᠳᠤᠨᠢ ᠢᠯᠡ ᠪᠣᠯᠭᠠᠨ᠎ᠠ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠵᠢᠴᠢ | ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ | ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ | ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ | ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ᠳᠥᠷᠪᠡ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠢᠶᠠᠨ ᠢᠯᠡ ᠪᠣᠯᠭᠠᠬᠤ ᠶᠢ | ᠰᠠᠶᠢᠲᠤᠷ ᠬᠢᠨ᠎ᠡ | ︵ᠨᠢᠭᠡ︶ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡ ᠪᠠᠷ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠪᠠᠷ ᠰᠠᠭᠤᠷᠢ ᠪᠣᠯᠭᠠᠨ᠂ ᠪᠣᠳᠠᠲᠠᠢ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ | ᠂ ᠠᠮᠵᠢᠯᠲᠠᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠭᠦᠢᠴᠡᠳᠬᠡᠬᠦ ᠴᠢᠳᠠᠪᠤᠷᠢ ᠪᠠ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠶᠤᠴᠢᠯᠠᠯ ᠢᠶᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠠᠵᠢᠯ ᠤᠨ ᠦᠵᠡᠯᠲᠡ ᠪᠠᠨ ᠬᠤᠪᠢᠷᠠᠭᠤᠯᠵᠤ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢᠨ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠭᠤᠶᠤᠴᠢᠯᠠᠭᠴᠢ ᠯᠤᠭ᠎ᠠ ᠶᠢᠨ | ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ | ᠣᠨᠣᠪᠴᠢᠲᠠᠶ ᠣᠶᠢᠯᠠᠭᠠᠨ᠂ ᠰᠢᠢᠳᠪᠦᠷᠢᠯᠡᠵᠦ ᠬᠠᠷᠢᠭᠤᠯᠲᠠ ᠥᠭᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠭᠤᠶᠤᠴᠢᠯᠠᠯ ᠢ ᠦᠨᠳᠦᠰᠦᠯᠡᠨ ᠢᠯᠡ ᠪᠠᠷ ᠰᠢᠢᠳᠪᠦᠷᠢᠯᠡᠬᠦ ᠶᠠᠪᠤᠴᠠ ᠳᠠᠬᠢ ᠬᠢᠨᠠᠨ ᠬᠠᠷᠭᠤᠭᠤᠯᠬᠤ ᠶᠠᠪᠤᠴᠠ ᠶᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ | ᠥᠭᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ | ᠨᠣᠷᠮ᠎ᠠ᠂ ᠪᠤᠷᠤᠭᠤ ᠪᠠᠨ ᠵᠠᠯᠠᠷᠠᠭᠤᠯᠵᠤ ᠵᠠᠷᠭᠤ ᠢᠯᠠᠭᠳᠠᠬᠤ ᠨᠣᠷᠮ᠎ᠠ ᠶᠢ ᠪᠠᠭᠤᠷᠠᠭᠤᠯᠤᠨ᠎ᠠ᠃ ᠡᠯ᠎ᠡ ᠭᠠᠵᠠᠷ | ᠣᠷᠣᠨ ᠨᠤᠭᠤᠳ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢᠨ ︽ᠵᠠᠰᠠᠭ ᠤᠨ | ᠶᠠᠪᠤᠳᠠᠯ ᠢ ᠢᠯᠡ ᠪᠣᠯᠭᠠᠬᠤ ᠲᠤᠰᠬᠠᠢ ᠲᠣᠭᠤᠷᠢᠭ︾ ᠢ ᠪᠦᠲᠦᠮᠵᠢᠲᠡᠶ ᠠᠰᠢᠭᠯᠠᠵᠤ᠂ ᠭᠤᠶᠤᠴᠢᠯᠠᠯ ᠢ ᠦᠨᠳᠦᠰᠦᠯᠡᠨ | ᠢᠯᠡ ᠪᠣᠯᠭᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠷ ᠬᠦᠯᠢᠶᠡᠨ ᠠᠪᠴᠤ ᠰᠢᠢᠳᠪᠦᠷᠢᠯᠡᠬᠦ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠵᠦ᠂ ᠭᠤᠶᠤᠴᠢᠯᠠᠯ ᠢᠶᠠᠷ ᠢᠯᠡ ᠪᠣᠯᠭᠠᠬᠤ ᠶᠢ ᠣᠯᠠᠨ ᠲᠦᠮᠡᠨ ᠬᠢᠭᠡᠳ | ᠵᠠᠰᠠᠭ ᠤᠨ ᠣᠷᠳᠣᠨ ᠤ ᠨᠡᠪᠲᠡᠷᠡᠯᠴᠡᠬᠦ ᠶᠢᠨ ︽ᠬᠤᠯᠪᠣᠯᠳᠤᠭᠰᠠᠨ ᠬᠥᠭᠦᠷᠭᠡ︾ ︽ᠰᠢᠭᠤᠳ ᠨᠡᠪᠲᠡᠷᠡᠬᠦ ᠲᠡᠷᠭᠡ︾ | ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠢᠯᠡ ᠪᠣᠯᠭᠠᠬᠤ ᠪᠠ ᠵᠣᠬᠢᠴᠠᠭᠤᠯᠬᠤ ᠶᠢ ᠬᠠᠷᠢᠯᠴᠠᠨ ᠤᠶᠠᠯᠳᠤᠭᠤᠯᠵᠤ᠂ | ᠣᠯᠠᠨ ᠲᠦᠮᠡᠨ ᠳᠤ ᠦᠨᠡᠨ ᠬᠦ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠵᠠᠰᠠᠭ ᠤᠨ | ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠦᠨᠳᠦᠰᠦᠨ ᠱᠠᠲᠤᠨ ᠤ | ᠵᠥᠷᠢᠴᠡᠯ ᠢ ᠠᠷᠢᠯᠭᠠᠨ᠂ ᠬᠡᠷᠡᠭ ᠦᠭᠡᠢ ᠵᠠᠷᠭᠤ ᠰᠣᠷᠪᠤᠯᠵᠢᠯᠠᠭ᠎ᠠ ᠳᠤ ᠬᠤᠯᠪᠣᠭᠳᠠᠬᠤ ᠠᠴᠠ ᠵᠠᠶᠢᠯᠠᠰᠬᠢᠵᠦ᠂ ︽ | ᠠᠷᠠᠳ ᠲᠦᠮᠡᠨ ᠢᠶᠠᠷ ᠭᠤᠣᠯ ᠪᠣᠯᠭᠠᠬᠤ︾ ᠠᠵᠢᠯ ᠤᠨ ᠣᠨᠣᠯᠵᠢᠬᠤᠨ ᠢ ᠭᠦᠢᠴᠡᠳ ᠢᠯᠡᠷᠡᠭᠦᠯᠦᠨ᠎ᠡ᠃ | ︵ᠭᠤᠷᠪᠠ︶ ᠮᠠᠯᠴᠢᠨ ᠲᠠᠷᠢᠶᠠᠴᠢᠨ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠵᠢᠯ ᠢ ᠦᠨᠡᠨᠬᠦ ᠴᠢᠩᠭᠠᠳᠬᠠᠨ᠎ᠠ᠃ ᠮᠠᠯᠴᠢᠨ ᠲᠠᠷᠢᠶᠠᠴᠢᠨ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠢᠯᠡ | ᠪᠣᠯᠭᠠᠬᠤ᠂ ᠢᠯᠡ ᠨᠡᠶᠢᠲᠡᠯᠡᠬᠦ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠰᠢᠶᠠᠩ ᠤᠨ | ᠱᠠᠲᠤᠨ ᠳᠤ ᠬᠦᠷᠲᠡᠯ᠎ᠡ ᠤᠷᠲᠤᠳᠬᠠᠬᠤ ᠶᠢᠨ ᠬᠠᠮᠲᠤ᠂ ᠲᠣᠰᠬᠤᠨ ᠤ ᠱᠠᠲᠤᠨ ᠤ ᠪᠡᠯᠡ ᠮᠥᠩᠭᠦ ᠶᠢ | ᠬᠤᠷᠢᠶᠠᠩᠭᠤᠶᠢᠯᠠᠨ ᠢᠯᠡ ᠨᠡᠶᠢᠲᠡᠯᠡᠬᠦ᠂ ᠳᠠᠩᠰᠠᠯᠠᠬᠤ ᠠᠵᠢᠯ ᠢ ᠴᠢᠩᠭᠠᠳᠬᠠᠨ᠎ᠠ᠃ | ᠲᠠᠪᠤ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ | ︵ᠨᠢᠭᠡ︶ ᠵᠠᠰᠠᠭ ᠤᠨ ᠣᠷᠳᠣᠨ ᠤ ᠠᠯᠪᠠᠨ ᠮᠡᠳᠡᠭᠡ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠷᠬᠡ ᠰᠦᠷᠲᠦ ᠪᠠᠷᠢᠮᠵᠢᠶ᠎ᠠ ᠶᠢᠨ ᠲᠧᠺᠰᠲ ᠤᠨ ᠦᠢᠯᠡᠳᠦᠯ ᠢ ᠦᠨᠡᠨᠬᠦ | ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠤᠩᠰᠢᠭᠤᠯᠵᠤ ᠦᠵᠡᠭᠦᠯᠬᠦ ᠠᠵᠢᠯ ᠢ ᠰᠠᠶᠢᠲᠤᠷ ᠬᠢᠨ᠎ᠡ᠃ ᠪᠣᠳᠠᠲᠤ | ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ | ᠴᠢᠬᠤᠯᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠮᠠᠲ᠋ᠧᠷᠢᠶᠠᠯ ᠪᠠ ᠭᠤᠣᠯᠳᠠᠯᠭ᠎ᠠ ᠲᠠᠢ ᠬᠦᠷᠢᠶᠡᠨ ᠳᠠᠬᠢ | ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ ᠬᠡᠪᠴᠢᠶᠡᠨ ᠳᠤ ᠣᠷᠣᠭᠤᠯᠤᠨ᠎ᠠ᠃ ᠵᠠᠰᠠᠭ ᠤᠨ | ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠨᠡᠶᠢᠲᠡᠯᠡᠬᠦ ᠠᠵᠢᠯ ᠢ ᠵᠡᠷᠭᠡᠪᠡᠷ ᠰᠠᠶᠢᠲᠤᠷ ᠬᠢᠵᠦ᠂ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ | ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠢ ᠪᠤᠯᠤᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢ | ᠵᠢᠷᠤᠮᠵᠢᠭᠤᠯᠤᠨ ᠪᠠᠶᠢᠷᠢᠯᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ᠂ ᠮᠡᠳᠡᠭᠡ ᠵᠠᠩᠭᠢ ᠶᠢ ᠢᠯᠡ | ᠪᠣᠯᠭᠠᠬᠤ ᠵᠦᠭᠯᠡᠭᠦᠷ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ᠂ ᠵᠠᠰᠠᠭ ᠤᠨ ᠣᠷᠳᠣᠨ ᠤ | ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠵᠢᠯ ᠤᠨ ᠣᠨ ᠤ ᠮᠡᠳᠡᠭᠦᠯᠦᠯᠲᠡ᠂ | ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠵᠡᠷᠭᠡ ᠪᠤᠯᠤᠩ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ | ᠬᠠᠮᠠᠭᠠᠯᠠᠬᠤ ᠶᠢ ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠠᠭᠤᠯᠭ᠎ᠠ ᠶᠢ ᠴᠠᠭ ᠲᠤᠬᠠᠢ ᠳᠤᠨᠢ᠂ ᠲᠥᠪᠯᠡᠷᠡᠭᠦᠯᠦᠨ᠂ ᠵᠢᠷᠤᠮᠵᠢᠭᠤᠯᠤᠨ ᠨᠡᠶᠢᠲᠡᠯᠡᠨ᠎ᠡ᠃ | ︵ᠭᠤᠷᠪᠠ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠢᠯᠡᠳᠦᠯᠴᠡᠨ ᠰᠣᠯᠢᠯᠴᠠᠬᠤ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠪᠠᠲᠤ ᠡᠵᠡᠮᠰᠢᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ | ᠶᠣᠰᠣᠭᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠶᠢ ᠴᠢᠩᠭᠠᠳᠬᠠᠵᠤ᠂ | ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠠᠮᠤᠷ ᠲᠦᠪᠰᠢᠨ ᠢ ᠪᠠᠲᠤᠯᠠᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠦᠨ ᠥᠭᠡᠷᠡᠴᠢᠯᠡᠬᠦ | ᠠᠬᠢᠴᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠮᠣᠩᠭᠤᠯ ᠬᠡᠯᠡᠨ ᠤ ᠰᠦᠯᠵᠢᠶᠡᠨ ᠥᠷᠲᠡᠭᠡ ︵ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ︶ ᠶᠢᠨ ᠠᠵᠢᠯ ᠢ ᠴᠢᠩᠭᠠᠳᠬᠠᠵᠤ᠂ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠪᠠᠲᠤᠯᠠᠨ᠂ | ᠴᠢᠬᠤᠯᠠ ᠠᠭᠤᠯᠭ᠎ᠠ ᠶᠢ ᠣᠷᠴᠢᠭᠤᠯᠤᠨ ᠳᠠᠮᠵᠢᠭᠤᠯᠬᠤ ᠠᠵᠢᠯ ᠢ ᠰᠠᠶᠢᠲᠤᠷ ᠬᠢᠵᠦ᠂ ᠨᠡᠶᠢᠲᠡᠯᠡᠬᠦ ᠠᠭᠤᠯᠭ᠎ᠠ ᠶᠢ ᠴᠠᠭ | ᠲᠤᠬᠠᠢ ᠳᠤᠨᠢ ᠰᠢᠨᠡᠳᠬᠡᠵᠦ᠂ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠵᠢᠷᠭᠤᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠲᠠᠢ ᠤᠶᠠᠯᠳᠤᠭᠤᠯᠤᠨ ᠬᠢᠨᠠᠯᠲᠠ ᠲᠠᠯᠪᠢᠵᠤ ᠪᠠᠲᠤᠯᠠᠬᠤ ᠶᠢ | ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠤᠭᠤᠳ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠨ ᠵᠣᠬᠢᠴᠠᠭᠤᠯᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠢᠯᠡ ᠪᠣᠯᠭᠠᠬᠤ ᠭᠤᠣᠯ ᠴᠣᠭᠴᠠ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠠᠵᠢᠯᠲᠠᠨ᠂ | ᠮᠡᠷᠭᠡᠵᠢᠯ᠂ ᠲᠥᠬᠦᠭᠡᠷᠦᠮᠵᠢ᠂ ᠵᠠᠷᠤᠳᠠᠯ ᠵᠡᠷᠭᠡ ᠶᠢᠨ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ | ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ | ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠠᠵᠢᠯ ᠤᠨ ᠵᠢᠷᠤᠮᠵᠢᠯ ᠢ ᠲᠡᠭᠦᠯᠳᠡᠷᠵᠢᠭᠦᠯᠦᠨ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠳᠦᠷ ᠲᠤᠲᠤᠮ ᠤᠨ | ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠵᠠᠷᠯᠠᠯ ᠨᠡᠶᠢᠲᠡᠯᠡᠯ ᠳᠤᠮᠳᠠ | ᠢᠯᠡᠷᠡᠭᠰᠡᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠢ ᠳᠤᠨᠢ ᠬᠠᠷᠢᠭᠤ | ᠲᠤᠰᠬᠠᠨ᠎ᠠ᠃ ᠡᠭᠦᠨ ᠤ ᠬᠠᠮᠲᠤ᠂ ᠠᠵᠢᠯ ᠤᠨ ᠡᠭᠦᠷᠭᠡ ᠵᠢᠴᠢ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃ | | 2023 ᠣᠨ ᠤ 7 ᠰᠠᠷ᠎ᠠ ᠶᠢᠨ 13 ᠤ ᠡᠳᠦᠷ | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ | |