︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠹᠧᠩᠵᠧᠨ ᠬᠤᠲᠠ ᠶᠢᠨ ᠤᠯᠠᠭᠠᠨᠮᠥ᠋ᠴᠢᠷ ᠤᠯᠤᠰ ᠤᠨ ᠶᠡᠭᠡ ᠲᠢᠶᠠᠲᠷ ᠲᠤ ᠣᠷᠣᠪᠠ
ᠨᠡᠶᠢᠲᠡᠯᠡᠭᠰᠡᠨ ᠴᠠᠭ᠄
2023/9/15
     ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 13 ᠤ ᠡᠳᠦᠷ᠂ ᠹᠧᠩᠵᠧᠨ ᠬᠤᠲᠠ ᠶᠢᠨ ᠤᠯᠠᠭᠠᠨᠮᠥ᠋ᠴᠢᠷ ᠤᠨ ︽ᠭᠠᠳᠠᠭᠰᠢ ᠭᠠᠷᠬᠤ︾ ᠬᠤᠶᠠᠳᠤᠭᠠᠷ ᠥᠷᠲᠡᠭᠡ ᠤᠯᠤᠰ ᠤᠨ ᠶᠡᠭᠡ ᠲᠢᠶᠠᠲᠷ ᠲᠤ ᠬᠥᠷᠪᠡ᠃     ᠲᠣᠰ ᠤᠳᠠᠭᠠᠨ ᠤ ᠳᠠᠭᠤᠤ ᠬᠥᠭᠵᠢᠮ ᠤᠨ ᠦᠳᠡᠰᠢᠯᠡᠭᠡ ᠨᠢ ᠦᠵᠡᠭᠴᠢᠳ ᠲᠤ ᠥᠪᠥᠷ ᠮᠣᠩᠭᠤᠯ ᠤᠨ ᠥᠪᠡᠷᠮᠢᠴᠡ ᠬᠡᠪ ᠨᠠᠮᠪᠠ ᠲᠠᠢ ᠨᠠᠶᠢᠷᠠᠯ ᠳᠠᠭᠤᠤ ︽ᠦᠵᠡᠰᠬᠦᠯᠡᠩᠲᠦ ᠰᠠᠶᠢᠬᠠᠨ ᠮᠢᠨᠤ ᠨᠤᠳᠤᠭ︾ ︽ᠲᠡᠭᠷᠢ ᠶᠢᠨ ᠬᠠᠶᠠᠭ᠎ᠠ︾ ᠵᠡᠷᠭᠡ ᠶᠢ ᠳᠡᠯᠭᠡᠨ ᠦᠵᠡᠭᠦᠯᠵᠦ᠂ ᠲᠠᠯ᠎ᠠ ᠨᠤᠲᠤᠭ ᠤᠨ ᠠᠷᠠᠳ ᠲᠦᠮᠡᠨ ᠤ ᠬᠠᠮᠤᠭ ᠤᠨ ᠳᠣᠲᠣᠨᠣ ᠮᠡᠨᠳᠦᠴᠢᠯᠡᠯ ᠢ ᠴᠢᠩ ᠰᠡᠳᠬᠢᠯ ᠠᠴᠠ ᠪᠠᠨ ᠬᠦᠷᠭᠡᠵᠦ᠂ ᠲᠤᠬᠠᠢ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ ᠹᠧᠩᠵᠧᠨ ᠬᠤᠲᠠ ᠶᠢᠨ ᠤᠯᠠᠭᠠᠨᠮᠥ᠋ᠴᠢᠷ ᠪᠣᠯ ︽ᠰᠤᠷᠤᠯᠴᠠᠬᠤ︾ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠭᠰᠠᠨ᠂ ︽ᠡᠭᠦᠳᠬᠦ︾ ᠪᠠᠷ ᠭᠤᠣᠯ ᠡᠭᠦᠷᠭᠡ ᠬᠠᠷᠢᠭᠤᠴᠠᠯᠭ᠎ᠠ ᠪᠠᠨ ᠪᠣᠯᠭᠠᠭᠰᠠᠨ᠂ ︽ᠲᠣᠭᠯᠠᠬᠤ ︾ ᠪᠠᠷ ᠭᠤᠣᠯ ᠭᠤᠭᠴᠤᠭ᠎ᠠ ᠪᠣᠯᠭᠠᠭᠰᠠᠨ ᠰᠢᠯᠢᠳᠡᠭ ᠡᠩᠨᠡᠭᠡ ᠮᠥᠨ᠂ ᠲᠣᠰ ᠤᠳᠠᠭᠠᠨ ᠤ ᠲᠣᠭᠯᠠᠯᠲᠠ ᠨᠢ ᠨᠠᠩ ᠴᠤ ︽ᠰᠤᠷᠤᠯᠴᠠᠬᠤ · ᠡᠭᠦᠳᠬᠦ · ᠲᠣᠭᠯᠠᠬᠤ︾ ᠭᠡᠬᠦ ᠴᠢᠬᠤᠯᠠ ᠭᠤᠣᠯ ᠰᠡᠳᠦᠪ ᠢ ᠯᠠᠪᠳᠠᠭᠤᠨ ᠢᠶᠠᠷ ᠲᠦᠯᠬᠢᠨ ᠠᠬᠢᠭᠤᠯᠪᠡ᠃     ᠲᠤᠰ ᠤᠳᠠᠭᠠᠨ ᠤ ᠳᠠᠭᠤᠤ ᠬᠥᠭᠵᠢᠮ ᠤᠨ ᠦᠳᠡᠰᠢᠯᠡᠭᠡ ᠳᠤ ᠹᠧᠩᠵᠧᠨ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠢᠷᠠᠭᠤ ᠴᠡᠭᠡᠯᠬᠡᠨ ᠪᠥᠭᠡᠳ ᠬᠠᠩᠭᠢᠨᠠᠮ᠎ᠠ ᠳᠠᠭᠤᠤ ᠪᠠᠷ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠢᠯᠡᠳᠬᠡᠵᠡᠢ᠃ ᠥᠪᠥᠷ ᠮᠣᠩᠭᠤᠯ ᠤᠨ ᠥᠪᠡᠷᠮᠢᠴᠡ ᠣᠨᠴᠠᠯᠢᠭ ᠪᠦᠬᠦᠢ ᠦᠨᠳᠦᠰᠦᠲᠡᠨ ᠤ ᠰᠣᠶᠣᠯ᠂ ᠬᠤᠪᠢᠰᠬᠠᠯ ᠤᠨ ᠰᠣᠶᠣᠯ ᠢ ᠪᠥᠬᠦ ᠲᠠᠯᠠᠪᠠᠶ ᠶᠢᠨ ᠳᠠᠭᠤᠤ ᠬᠥᠭᠵᠢᠮ ᠤᠨ ᠦᠳᠡᠰᠢᠯᠡᠭᠡ ᠳᠤ ᠳᠤᠭᠤᠰᠢᠯᠠᠭᠤᠯᠵᠤ᠂ ᠦᠵᠡᠭᠴᠢᠳ ᠲᠤ ᠥᠪᠥᠷ ᠮᠣᠩᠭᠤᠯ ᠤᠨ ᠥᠪᠡᠷᠮᠢᠴᠡ ᠵᠠᠩ ᠦᠶᠯᠡ ᠪᠠ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠤᠯᠠᠭᠠᠨᠴᠠᠪ ᠤᠨ ᠵᠣᠴᠢᠨᠰᠠᠭ ᠪᠠ ᠬᠠᠯᠠᠭᠤᠨ ᠰᠡᠳᠬᠢᠯᠭᠡ ᠵᠢᠴᠢ ᠦᠵᠡᠰᠬᠦᠯᠡᠩᠲᠦ ᠰᠠᠶᠢᠬᠠᠨ ᠲᠠᠩᠰᠤᠭ ᠮᠥᠷᠡᠨ ᠤ ᠷᠢᠳᠢ ᠰᠢᠳᠢ ᠪᠠ ᠴᠤᠭ ᠵᠢᠪᠬᠤᠭ᠎ᠠ ᠶᠢ ᠳᠡᠯᠭᠡᠨ ᠦᠵᠡᠭᠦᠯᠪᠡ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2