ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2023/9/15
ᠴᠠᠭ᠄ 2023-08-31 10: 00ᠤᠯᠠᠭᠠᠨᠴᠠᠪ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠶᠢᠩ ᠪᠠ     2023 ᠣᠨ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠠᠵᠢᠯ ᠣᠯᠭᠤᠵᠤ ᠲᠥᠪᠬᠢᠨᠡᠭᠦᠯᠬᠦ᠂ ᠦᠢᠯᠡᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠡᠷᠬᠡ ᠠᠰᠢᠭ ᠤᠨ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ︽ᠰᠤᠷᠪᠤᠯᠵᠢᠯᠠᠭᠴᠢ︾᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠶᠠᠷᠢᠯᠴᠠᠭ᠎ᠠ ᠳᠤ ᠪᠢᠳᠡ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠶᠢᠩ ᠪᠠ ᠶᠢ ᠤᠷᠢᠵᠤ᠂ ᠣᠶᠢᠷ᠎ᠠ ᠶᠢᠨ ᠬᠤᠭᠤᠴᠠᠭᠠᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠣᠭᠤᠷᠢᠨ ᠳᠤ ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠢ ᠰᠠᠨᠠᠯ ᠢᠶᠠᠨ ᠰᠣᠯᠢᠯᠴᠠᠪᠠ᠃ ᠡᠩ ᠲᠡᠷᠢᠭᠦᠨ ᠳᠤ᠂ ᠸᠠᠩ ᠲᠣᠪᠴᠢᠶᠠᠨ ᠳᠠᠷᠤᠭ᠎ᠠ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠬᠦᠳᠡᠨ ᠰᠦᠯᠵᠢᠶᠡᠨ ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠳᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ᠃     ︽ᠸᠠᠩ ᠶᠢᠩ ᠪᠠ︾᠄ ᠬᠥᠲᠥᠯᠥᠭᠴᠢ ᠰᠠᠶᠢᠨ ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠤᠯᠠᠨ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃     ︽ᠰᠤᠷᠪᠤᠯᠵᠢᠯᠠᠭᠴᠢ︾᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠄ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠵᠠᠢ᠃ ᠲᠠ ᠳᠠᠷᠠᠭᠠᠴᠢ ᠶᠢᠨ ᠠᠵᠢᠯ ᠳᠠᠭᠠᠨ ᠶᠠᠮᠠᠷ ᠶᠠᠮᠠᠷ ᠲᠥᠯᠥᠪᠯᠡᠭᠡ ᠲᠠᠢ ᠪᠤᠢ︖     ︽ᠸᠠᠩ ᠶᠢᠩ ᠪᠠ︾᠄ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠵᠢᠯ ᠮᠥᠨ ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠳᠤᠭᠤᠰᠢᠯᠠᠭᠤᠯᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠭ᠎ᠠ ᠬᠠᠩᠭᠠᠬᠤ᠂ ᠴᠡᠷᠢᠭ ᠢ ᠬᠦᠴᠦᠷᠬᠡᠭᠵᠢᠭᠦᠯᠦᠨ ᠴᠡᠷᠢᠭ ᠤᠨ ᠶᠠᠪᠤᠳᠠᠯ ᠤᠨ ᠦᠢᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠠᠭᠠᠨᠴᠠᠪ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠤᠨ᠂ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃     ᠨᠢᠭᠡ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭ ᠵᠥᠪᠯᠡᠵᠦ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃     ᠬᠤᠶᠠᠷ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾ ᠢ ᠲᠠᠨᠢᠯᠴᠠᠭᠤᠯᠵᠤ ᠰᠢᠯᠢᠨ ᠰᠣᠩᠭᠤᠬᠤ ᠵᠢᠴᠢ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ︽ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠵᠣᠬᠢᠶᠠᠨ ᠪᠠᠶᠢᠭᠤᠯᠵᠤ᠂ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠢᠳᠡᠪᠬᠢ ᠬᠦᠴᠦᠨ ᠢ ᠤᠯᠠᠮᠵᠢᠯᠠᠨ᠎ᠠ᠃ ︽ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠢ ᠳᠠᠶᠢᠴᠢᠯᠠᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠮᠠᠨ ᠤ ᠬᠤᠲᠠ ᠶᠢᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡ ᠶᠢ ᠪᠣᠶ ᠪᠣᠯᠭᠠᠨ᠎ᠠ᠃ ︽ᠴᠡᠷᠢᠭ ᠤᠨ ᠡᠭᠦᠷ ᠤᠨ ᠱᠦᠵᠢ︾ ᠶᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ ᠢ ᠭᠦᠢᠴᠡᠳ ᠬᠥᠭᠵᠢᠭᠡᠵᠦ᠂ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠤᠨ᠎ᠠ᠃     ᠭᠤᠷᠪᠠ᠂ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠢᠯᠡ ᠪᠠᠷ ᠲᠥᠪᠬᠢᠨᠡᠭᠦᠯᠬᠦ︾ ᠶᠢ ᠦᠷᠭᠦᠯᠵᠢᠯᠡᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠢ ᠰᠠᠶᠢᠲᠤᠷ ᠬᠦᠯᠢᠶᠡᠨ ᠠᠪᠴᠤ᠂ ᠰᠠᠶᠢᠲᠤᠷ ᠲᠥᠪᠬᠢᠨᠡᠭᠦᠯᠵᠦ᠂ ᠰᠠᠶᠢᠲᠤᠷ ᠬᠡᠷᠡᠭᠯᠡᠬᠦ ᠪᠠᠷ ᠴᠢᠷᠮᠠᠶᠢᠨ᠎ᠠ᠃ ᠮᠠᠨ ᠤ ᠬᠤᠲᠠ ᠶᠢᠨ ︽ᠲᠠᠪᠤᠨ ᠶᠡᠭᠡ ᠠᠵᠤ ᠠᠬᠤᠢ︾ ᠶᠢᠨ ᠲᠣᠭᠤᠷᠢᠨ ᠳᠤ᠂ ᠵᠣᠬᠢᠴᠠᠬᠤ ᠴᠢᠨᠠᠷᠲᠠᠢ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ︽ᠵᠠᠬᠢᠶᠠᠯᠠᠭ᠎ᠠ ᠶᠢᠨ ᠮᠠᠶ᠋ᠢᠭ︾ ᠤᠨ ︽ᠠᠵᠢᠯ ᠤᠨ ᠪᠠᠶᠢᠷᠢ ᠲᠣᠭᠲᠠᠭᠠᠬᠤ ᠮᠠᠶ᠋ᠢᠭ︾ ᠤᠨ ᠲᠥᠷᠥᠯ ᠵᠦᠢᠯ ᠤᠨ ᠳᠦᠷᠢᠮ ᠤᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠂ ᠴᠡᠷᠢᠭ ᠠᠴᠠ ᠬᠠᠯᠠᠭᠳᠠᠭᠰᠠᠳ ᠤᠨ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠤᠨ᠎ᠠ᠃     ᠳᠥᠷᠪᠡ᠂ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠦᠨᠳᠦᠰᠦᠨ ᠱᠠᠲᠤᠨ ᠤ ᠰᠠᠭᠤᠷᠢ ᠠᠵᠢᠯ ᠢ ᠤᠯᠠᠮ ᠨᠢᠭᠡ ᠠᠯᠬᠤᠮ ᠪᠠᠲᠤᠳᠬᠠᠵᠤ᠂ ︽ᠲᠠᠪᠤ ᠶᠢ ᠪᠦᠷᠢᠳᠦᠭᠦᠯᠬᠦ︾ ᠪᠠᠶᠢᠭᠤᠯᠤᠯᠲᠠ ᠶᠢ ᠴᠢᠩᠭᠠᠳᠬᠠᠨ᠂ ᠪᠦᠬᠦ ᠬᠥᠮᠥᠰ ᠢ ᠬᠠᠮᠤᠷᠤᠭᠰᠠᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠦᠢᠯᠡᠳᠦᠯ ᠢ ᠪᠠᠳᠠᠷᠠᠭᠤᠯᠵᠤ᠂ ︽ᠳᠥᠷᠪᠡ ᠶᠢ ᠬᠦᠨᠳᠦᠳᠬᠡᠬᠦ᠂ ᠲᠠᠪᠤ ᠶᠢ ᠬᠠᠯᠠᠮᠵᠢᠯᠠᠬᠤ᠂ ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠠᠵᠢᠯ ᠢ ᠠᠬᠢᠭᠤᠯᠤᠨ᠂ ᠦᠢᠯᠡᠴᠢᠯᠡᠬᠦ ᠡᠲᠡᠭᠡᠳ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃     ᠲᠠᠪᠤ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠭᠲᠠᠨ ᠰᠠᠶᠢᠰᠢᠶᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠢ ᠦᠨᠡᠨᠬᠦ ᠪᠠᠲᠤᠯᠠᠵᠤ᠂ ᠠᠰᠠᠷᠠᠨ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠠᠷᠠᠭᠠᠯᠵᠠᠯ ᠤᠨ ᠠᠷᠭ᠎ᠠ ᠮᠠᠶ᠋ᠢᠭ ᠲᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠷᠠᠭᠠᠯᠵᠠᠯ ᠤᠨ ᠦᠨᠡᠮᠯᠡᠯ ᠢ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠦᠢᠯᠡᠴᠢᠯᠡᠬᠦ ᠡᠲᠡᠭᠡᠳ ᠤᠨ ᠬᠦᠷᠲᠡᠮᠵᠢ ᠶᠢᠨ ᠲᠥᠷᠥᠭᠳᠡᠯ ᠢ ᠲᠡᠭᠦᠯᠳᠡᠷᠵᠢᠭᠦᠯᠬᠦ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠠᠭᠤᠳᠠᠯᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠰᠡᠯᠪᠢᠨ ᠵᠠᠰᠠᠬᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠦᠷᠡᠭᠳᠡᠭᠰᠡᠨ ᠪᠠᠭᠠᠲᠤᠷᠴᠤᠳ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠢ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃     ᠵᠢᠷᠭᠤᠭ᠎ᠠ᠂ ᠴᠡᠷᠢᠭ ᠠᠷᠠᠳ ᠤᠨ ᠪᠦᠯᠬᠦᠮᠳᠡᠯ ᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠡᠮᠵᠢᠵᠤ᠂ ᠴᠡᠷᠢᠭ ᠢᠶᠠᠨ ᠬᠦᠷᠢᠶᠡᠯᠡᠬᠦ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ︽ᠭᠤᠷᠪᠠᠨ ᠬᠤᠶᠢᠨ᠎ᠠ︾ ᠶᠢᠨ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠣᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ᠂ ᠠᠷᠠᠳ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠪᠠᠷ ᠭᠤᠣᠯ ᠰᠡᠳᠦᠪ ᠪᠣᠯᠭᠠᠭᠰᠠᠨ ᠬᠤᠶᠠᠷ ᠢ ᠬᠦᠷᠢᠶᠡᠯᠡᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠤᠷᠪᠤᠯᠵᠢᠯᠠᠵᠤ ᠲᠣᠬᠤᠨᠢᠭᠤᠯᠬᠤ ᠶᠢ ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ ᠪᠠᠶᠢᠭᠤᠯᠬᠤ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠬᠤᠳᠠ ᠶᠢ ᠡᠭᠦᠳᠦᠨ ᠪᠠᠶᠢᠭᠤᠯᠬᠤ ᠳᠤ ︽ᠲᠠᠪᠤᠨᠲᠠ ᠮᠠᠩᠯᠠᠶᠢᠯᠠᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃     ︽ᠰᠤᠷᠪᠤᠯᠵᠢᠯᠠᠭᠴᠢ︾᠄ ᠵᠠ᠂ ᠸᠠᠩ ᠲᠣᠪᠴᠢᠶᠠᠨ ᠳᠠᠷᠤᠭ᠎ᠠ ᠶᠢᠨ ᠮᠠᠨ ᠤ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠨᠠᠶᠢᠵᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃᡽
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2