ᠬᠥᠬᠡᠬᠤᠲᠠ ᠯᠢᠶᠠᠩᠴᠧᠩ ᠤᠨ ᠲᠦᠷᠭᠡᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠢᠷᠡᠬᠦ ᠵᠢᠯ ᠳᠤ ᠨᠡᠪᠲᠡᠷᠡᠬᠦ ᠪᠠᠷ ᠵᠢᠱᠢᠵᠤ ᠪᠠᠶᠢᠨ᠎ᠠ
ᠨᠡᠶᠢᠲᠡᠯᠡᠭᠰᠡᠨ ᠴᠠᠭ᠄
2023/9/18
    ᠬᠥᠬᠡᠬᠤᠲᠠ ᠠᠴᠠ ᠯᠢᠶᠠᠩᠴᠧᠩ ᠤᠨ ᠲᠦᠷᠭᠡᠨ ᠤ ᠵᠠᠰᠠᠮᠠᠯ ᠵᠠᠮ ᠪᠣᠯ ᠬᠥᠬᠡᠬᠤᠲᠠ ᠠᠴᠠ ᠯᠢᠶᠡᠩᠴᠧᠩ ᠰᠢᠶᠠᠨ ᠳᠤ ᠨᠡᠪᠲᠡᠷᠡᠬᠦ ᠳᠥᠭᠦᠮ ᠳᠥᠲᠡ ᠶᠡᠭᠡ ᠵᠠᠮ ᠮᠥᠨ᠂ ᠪᠠᠷᠢᠯᠭ᠎ᠠ ᠶᠢᠨ ᠠᠵᠢᠯ ᠡᠬᠢᠯᠡᠭᠰᠡᠨ ᠠᠴᠠ ᠨᠠᠰᠢ᠂ ᠪᠠᠷᠢᠯᠭ᠎ᠠ ᠳᠤ ᠣᠷᠣᠯᠴᠠᠭᠰᠠᠨ ᠨᠢᠭᠡᠴᠡ ᠨᠦᠭᠦᠳ ᠪᠠᠷᠢᠯᠭ᠎ᠠ ᠶᠢᠨ ᠠᠵᠢᠯ ᠤᠨ ᠠᠬᠢᠴᠠ ᠪᠠᠨ ᠲᠠᠰᠤᠷᠠᠯᠲᠠ ᠦᠭᠡᠢ ᠲᠦᠷᠭᠡᠳᠬᠡᠵᠦ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠣᠳᠣᠬᠠᠨ ᠳᠤ ᠵᠠᠰᠠᠮᠠᠯ ᠵᠠᠮ ᠨᠢ ᠦᠨᠳᠦᠰᠦᠨ ᠱᠠᠲᠤᠨ ᠳᠤ ᠨᠡᠪᠲᠡᠷᠡᠬᠦ ᠱᠠᠲᠤᠨ ᠳᠤ ᠣᠷᠣᠭᠰᠠᠨ ᠪᠠᠶᠢᠨ᠎ᠠ᠃     S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠰᠠᠮᠠᠯ ᠵᠠᠮ ︵ᠬᠥᠬᠡᠬᠤᠲᠠ ᠶᠢᠨ ᠬᠡᠰᠡᠭ︶ ᠤᠨ ᠱᠤᠭᠤᠮ ᠤᠨ ᠡᠬᠢᠯᠡᠯᠲᠡ ᠶᠢᠨ ᠴᠡᠭ ᠨᠢ G5901 ᠬᠥᠬᠡᠬᠤᠲᠠ ᠶᠢᠨ ᠬᠤᠲᠠ ᠶᠢ ᠲᠣᠭᠤᠷᠢᠭᠰᠠᠨ ᠲᠦᠷᠭᠡᠨ ᠤ ᠵᠠᠰᠠᠮᠠᠯ ᠵᠠᠮ ᠤᠨ ᠶᠢᠨ ᠾᠧ ᠬᠦᠢᠰᠦ ᠶᠢᠨ ᠨᠡᠪᠲᠡᠷᠡᠯᠴᠡᠭᠡ ᠳᠤ ᠪᠠᠶᠢᠳᠠᠭ᠃ ᠡᠮᠦᠨᠡᠰᠢ ᠪᠠᠨ G59 ᠬᠥᠬᠡᠬᠤᠲᠠ ᠶᠢᠨ ᠬᠤᠶᠢᠳᠤ ᠬᠡᠰᠡᠭ ᠤᠨ ᠲᠦᠷᠭᠡᠨ ᠤ ᠵᠠᠰᠠᠮᠠᠯ ᠵᠠᠮ ᠲᠠᠢ ᠬᠠᠮᠳᠤ ᠱᠣᠭᠤᠮ ᠢᠶᠠᠷ ᠨᠡᠶᠢᠲᠡ 4.3 ᠺᠢᠯᠣᠮᠧᠲᠷ᠂ G59 ᠬᠥᠬᠡᠬᠤᠲᠠ ᠶᠢᠨ ᠬᠤᠶᠢᠳᠤ ᠬᠡᠰᠡᠭ ᠤᠨ ᠲᠦᠷᠭᠡᠨ ᠤ ᠵᠠᠰᠠᠮᠠᠯ ᠵᠠᠮ ᠤᠨ K5+575 ᠭᠠᠵᠠᠷ ᠲᠤ ᠰᠢᠵᠢᠷ ᠠᠯᠲᠠᠨ ᠶᠡᠭᠡ ᠵᠠᠮ ᠢ ᠠᠰᠢᠭᠯᠠᠨ ᠵᠥᠷᠢᠯᠢᠭ ᠬᠥᠭᠦᠷᠭᠡ ᠪᠠᠷ ᠳ᠋ᠠ ᠯᠠᠢ ᠶᠢᠩ ᠬᠦᠢᠰᠦ ᠶᠢᠨ ᠨᠡᠪᠲᠡᠷᠡᠯᠴᠡᠭᠡ ᠶᠢ ᠪᠠᠶᠢᠭᠤᠯᠵᠤ᠂ ᠵᠠᠮ ᠱᠤᠭᠤᠮ ᠢ ᠵᠡᠭᠦᠨᠰᠢ ᠨᠤᠭᠤᠯᠵᠤ᠂ ᠵᠢᠩ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠩ ᠾᠧ ᠱᠣᠸ ᠪᠠᠯᠭᠠᠰᠤᠨ ᠤ ᠵᠢᠦᠢ ᠹᠧᠩ ᠲᠣᠭᠤᠰᠬᠠᠨ ᠦᠢᠯᠡᠳᠪᠦᠷᠢ᠂ ᠵᠦ ᠬᠠᠢ ᠲᠣᠰᠬᠤᠨ᠂ ᠯᠣᠣ ᠵᠠᠩ ᠶᠣᠣ ᠲᠣᠰᠬᠤᠨ ᠳᠤ ᠬᠦᠷᠴᠦ᠂ ᠡᠴᠦᠰ ᠤᠨ ᠴᠡᠭ ᠢ ᠬᠥᠬᠡᠬᠤᠲᠠ ᠤᠯᠠᠭᠠᠨᠴᠠᠪ ᠤᠨ ᠠᠭᠤᠯᠵᠠᠷ ᠲᠠᠬᠢ ᠨᠢᠭᠡᠨᠲᠡ ᠪᠠᠶᠢᠭᠤᠯᠤᠭᠰᠠᠨ ᠬᠥᠬᠡᠬᠤᠲᠠ ᠯᠢᠶᠠᠩᠴᠧᠩ ᠹᠧᠩᠵᠧᠨ ᠤ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠬᠤᠯᠪᠣᠨ᠎ᠠ᠃ ᠲᠣᠰ ᠵᠠᠮ ᠤᠨ ᠪᠥᠬᠦ ᠣᠷᠳᠣ ᠨᠢ 28.744 ᠺᠢᠯᠣᠮᠧᠲᠷ ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ 24.444 ᠺᠢᠯᠣᠮᠧᠲᠷ ᠪᠠᠶᠢᠵᠤ᠂ G59 ᠬᠥᠬᠡᠬᠤᠲᠠ ᠶᠢᠨ ᠬᠤᠶᠢᠲᠤ ᠬᠡᠰᠡᠭ ᠤᠨ ᠲᠦᠷᠭᠡᠨ ᠤ ᠵᠠᠰᠠᠮᠠᠯ ᠵᠠᠮ ᠲᠠᠢ ᠨᠡᠶᠢᠲᠡ 4.3 ᠺᠢᠯᠣᠮᠧᠲᠷ ᠪᠠᠶᠢᠨ᠎ᠠ᠃ ᠪᠦᠬᠦ ᠱᠤᠭᠤᠮ ᠳᠤ ᠬᠠᠷᠢᠯᠴᠠᠨ ᠨᠡᠪᠲᠡᠷᠡᠯᠴᠡᠬᠦ 3 ᠵᠥᠷᠢᠯᠢᠭ  ᠭᠠᠵᠠᠷ ᠢ ᠪᠠᠶᠢᠭᠤᠯᠵᠤ᠂ ᠲᠤᠰ ᠲᠤᠰ ᠳ᠋ᠠ ᠯᠠᠢ ᠶᠢᠩ ᠤᠨ ᠬᠠᠷᠢᠯᠴᠠᠨ ᠨᠡᠪᠲᠡᠷᠡᠯᠴᠡᠬᠦ ᠭᠠᠵᠠᠷ᠂ ᠱᠠ ᠯᠢᠶᠠᠩ ᠤᠨ ᠬᠠᠷᠢᠯᠴᠠᠨ ᠨᠡᠪᠲᠡᠷᠡᠯᠴᠡᠬᠦ ᠭᠠᠵᠠᠷ᠂ ᠬᠤᠸᠠᠩ ᠡᡁᠧ ᠱᠤᠤ ᠶᠢᠨ ᠬᠠᠷᠢᠯᠴᠠᠨ ᠨᠡᠪᠲᠡᠷᠡᠯᠴᠡᠬᠦ ᠭᠠᠵᠠᠷ ᠪᠤᠯᠤᠨ᠎ᠡ᠃     S29 ᠲᠦᠷᠭᠡᠨ ᠤ ᠵᠠᠰᠠᠮᠠᠯ ᠵᠠᠮ ᠤᠨ ᠪᠥᠬᠦ ᠱᠤᠭᠤᠮ ᠤᠨ ᠪᠥᠬᠦ ᠪᠡᠯᠡ ᠣᠷᠣᠭᠤᠯᠤᠯᠲᠠ 19.14 ᠳ᠋ᠦᠩᠰᠢᠭᠤᠷ ᠲᠥᠭᠦᠷᠢᠭ ᠲᠤ ᠬᠦᠷᠴᠦ᠂ 9 ᠰᠠᠷ᠎ᠠ ᠶᠢᠨ 18 ᠤ ᠡᠳᠦᠷ ᠪᠣᠯᠲᠠᠯ᠎ᠠ ᠨᠢᠭᠡᠨᠲᠡ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 40% ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠂ ᠪᠠᠷᠢᠯᠭ᠎ᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠪᠠ ᠲᠣᠬᠢᠷᠠᠭᠤᠯᠤᠯᠲᠠ ᠳᠣᠣᠷ᠎ᠠ᠂ ᠡᠯ᠎ᠡ ᠪᠠᠷᠢᠯᠭ᠎ᠠ ᠶᠢᠨ ᠨᠢᠭᠡᠴᠡ ᠪᠠ ᠡᠯ᠎ᠡ ᠪᠠᠷᠢᠯᠭ᠎ᠠ ᠶᠢᠨ ᠠᠵᠢᠯ ᠳᠤ ᠣᠷᠣᠯᠴᠠᠭᠰᠠᠨ ᠨᠢᠭᠡᠴᠡ ᠶᠢᠨ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠪᠠ ᠴᠢᠷᠮᠠᠶᠢᠯᠭ᠎ᠠ ᠳᠣᠣᠷ᠎ᠠ᠂ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠤᠨ ᠶᠣᠰᠣᠭᠠᠷ᠂ ᠶᠠᠰᠤ ᠴᠢᠨᠠᠷ ᠢ ᠪᠠᠲᠤᠯᠠᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠷᠲᠡᠬᠡᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2