ᠱᠠᠩᠳᠤ ᠰᠢᠶᠠᠨ ᠴᠡᠪᠡᠷ ᠡᠨᠧᠷᠭᠢ ᠶᠢᠨ ᠤᠷᠤᠯᠳᠤᠭᠠᠨ ᠤ ᠵᠠᠮ ᠢᠶᠠᠷ ᠬᠦᠴᠦᠯᠡᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠣᠶ ᠪᠣᠯᠭᠠᠪᠠ
ᠨᠡᠶᠢᠲᠡᠯᠡᠭᠰᠡᠨ ᠴᠠᠭ᠄
2023/9/18
    ᠱᠠᠩᠳᠤ ᠰᠢᠶᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠰᠠᠯᠬᠢᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠣᠷᠣᠨ ᠪᠠᠶᠢᠵᠤ᠂ 70 ᠮᠧᠲᠷ ᠤᠨ ᠥᠨᠳᠥᠷ ᠤᠨ ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 7.5 ᠮᠧᠲᠷ ᠣᠷᠴᠢᠮ ᠪᠠᠶᠢᠵᠤ᠂ ᠰᠠᠯᠬᠢᠨ ᠤ ᠴᠢᠳᠠᠯ ᠤᠨ ᠨᠢᠭᠲᠠᠴᠠ ᠨᠢ 362.9 ᠸᠠᠲ \ ᠲᠡᠭᠰᠢ ᠳᠥᠷᠪᠡᠯᠵᠢᠨ ᠮᠧᠲᠷ ~ 480.1 ᠸᠠᠲ\ ᠲᠡᠭᠰᠢ ᠳᠥᠷᠪᠡᠯᠵᠢᠨ ᠮᠧᠲᠷ ᠪᠠᠶᠢᠳᠠᠭ᠃ 30 ᠮᠧᠲᠷ ᠤᠨ ᠥᠨᠳᠥᠷ ᠤᠨ ᠰᠠᠯᠬᠢᠨ ᠤ ᠴᠢᠳᠠᠯ ᠤᠨ ᠨᠢᠭᠲᠠᠴᠠ ᠨᠢ 307.9 ᠸᠠᠲ / ᠲᠡᠭᠰᠢ ᠳᠥᠷᠪᠡᠯᠵᠢᠨ ᠮᠧᠲᠷ ~ 354.3 ᠸᠠᠲ / ᠲᠡᠭᠰᠢ ᠳᠥᠷᠪᠡᠯᠵᠢᠨ ᠮᠧᠲᠷ ᠪᠠᠶᠢᠳᠠᠭ ᠪᠥᠭᠡᠳ ᠰᠠᠯᠬᠢᠨ ᠤ ᠴᠢᠭᠯᠡᠯ ᠤᠨ ᠲᠣᠭᠲᠠᠭᠤᠨ ᠪᠠᠶᠢᠬᠤ ᠨᠢ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠠᠰᠢᠭᠯᠠᠯᠲᠠ ᠳᠤ ᠠᠰᠢᠭᠲᠠᠢ ᠪᠠᠶᠢᠳᠠᠭ︔ ᠵᠢᠯ ᠤᠨ ᠤᠰᠤᠨ ᠲᠦᠪᠰᠢᠨ ᠤ ᠨᠡᠷᠡᠨ ᠤ ᠡᠨᠧᠷᠭᠢ ᠶᠢᠨ ᠶᠡᠷᠦᠩᠬᠡᠢ ᠰᠠᠴᠤᠷᠠᠯᠲᠠ ᠨᠢ 5986 ᠮᠧᠭ᠎ᠠ ᠬᠡᠦᠷᠡᠰᠦ / ᠲᠡᠭᠰᠢ ᠳᠥᠷᠪᠡᠯᠵᠢᠨ ᠮᠧᠲᠷ ᠪᠠᠶᠢᠵᠤ᠂ ᠵᠢᠯ ᠤᠨ ᠠᠰᠢᠭᠯᠠᠭᠰᠠᠨ ᠴᠠᠭ ᠤᠨ ᠲᠤᠭ᠎ᠠ ᠨᠢ 1600 ᠴᠠᠭ ᠠᠴᠠ ᠳᠡᠭᠡᠭᠰᠢ ᠪᠠᠶᠢᠵᠤ᠂ ︽ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠣᠷᠣᠨ︾ ᠳᠤ ᠬᠠᠷᠢᠶᠠᠯᠠᠭᠳᠠᠨ᠎ᠠ᠃ ᠪᠦᠬᠦ ᠰᠢᠶᠠᠨ ᠳᠤ ᠣᠳᠣ 110 ᠺᠢᠯᠣᠸᠠᠲ ᠤᠨ ᠴᠠᠬᠢᠯᠭᠠᠨ ᠬᠦᠷᠭᠡᠬᠦ ᠥᠷᠲᠡᠭᠡ 6 ᠰᠠᠭᠤᠷᠢ᠂ 220 ᠺᠢᠯᠣᠸᠠᠲ ᠤᠨ ᠴᠠᠬᠢᠯᠭᠠᠨ ᠬᠦᠷᠭᠡᠬᠦ ᠥᠷᠲᠡᠭᠡ ᠪᠠ 500 ᠺᠢᠯᠣᠸᠠᠲ ᠤᠨ ᠴᠠᠬᠢᠯᠭᠠᠨ ᠬᠦᠷᠭᠡᠬᠦ ᠥᠷᠲᠡᠭᠡ ᠲᠤᠰ ᠪᠦᠷᠢ 1 ᠰᠠᠭᠤᠷᠢ ᠂ 35 ᠺᠢᠯᠣᠸᠠᠲ ᠤᠨ ᠴᠠᠬᠢᠯᠭᠠᠨ ᠬᠦᠷᠭᠡᠬᠦ ᠥᠷᠲᠡᠭᠡ 10 ᠰᠠᠭᠤᠷᠢ ᠪᠠᠶᠢᠵᠤ᠂ ᠥᠨᠳᠥᠷ ᠳᠤᠮᠳᠠ ᠳᠣᠣᠷ᠎ᠠ ᠳᠡᠰ ᠤᠨ ᠪᠤᠶ ᠪᠦᠬᠦᠢ ᠴᠠᠬᠢᠯᠭᠠᠨ ᠬᠦᠷᠭᠡᠬᠦ ᠲᠣᠣᠷ ᠢ ᠪᠦᠷᠢᠯᠳᠦᠭᠦᠯᠦᠭᠰᠡᠨ ᠪᠠᠶᠢᠨ᠎ᠠ᠃     ᠨᠢᠭᠡ ᠳᠤ ᠴᠡᠪᠡᠷ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠱᠠᠩᠳᠤ ᠰᠢᠶᠠᠨ ᠤ ᠲᠣᠣᠷ ᠲᠤ ᠨᠡᠶᠢᠯᠡᠭᠰᠡᠨ ᠥᠩᠭᠡ ᠦᠵᠡᠮᠵᠢ ᠶᠢᠨ ᠲᠦᠷᠦᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 57.09 ᠲᠦᠮᠡᠨ ᠺᠢᠯᠣᠸᠠᠲ ᠲᠤ ᠬᠦᠷᠴᠡᠢ᠃ ᠡᠭᠦᠨ ᠳᠤ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 34.86 ᠲᠦᠮᠡᠨ ᠺᠢᠯᠣᠸᠠᠲ ᠲᠤ ᠬᠦᠷᠴᠦ᠂ 214.79 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠵᠦ ᠪᠣᠶ᠃ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠭᠡᠷᠡᠯ ᠤᠨ ᠡᠨᠧᠷᠭᠢ ᠶᠢᠨ ᠲᠦᠷᠦᠯ ᠵᠦᠢᠯ 22.2286 ᠲᠦᠮᠡᠨ ᠺᠢᠯᠣᠸᠠᠲ ᠲᠤ ᠬᠦᠷᠴᠦ᠂ 5.78 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠡᠵᠡᠯᠡᠪᠡ᠃ ᠣᠳᠣᠬᠠᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ 1 ︱ ᠱᠠᠩᠳᠤ ᠰᠢᠶᠠᠨ ᠤ ᠵᠢᠦᠢ ᠬᠤᠩ ᠪᠣᠬᠢᠷᠲᠤᠯ ᠦᠭᠡᠢ ᠬᠤᠳᠠᠯᠳᠤᠭᠠᠨ ᠤ 6 ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ 2021 ᠣᠨ ᠤ 12 ᠰᠠᠷ᠎ᠠ ᠶᠢᠨ 31  ᠤ ᠡᠳᠦᠷ ᠲᠣᠭᠲᠠᠭᠠᠵᠤ᠂ ᠤᠳᠤ ᠨᠢᠭᠡᠨᠲᠡ ᠪᠠᠷᠢᠯᠭ᠎ᠠ ᠡᠬᠢᠯᠡᠭᠦᠯᠵᠡᠢ᠃     ᠬᠤᠶᠠᠷ ᠲᠤ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠦᠢᠯᠡᠰ ᠢ ᠲᠥᠪᠯᠡᠷᠡᠭᠦᠯᠦᠨ᠎ᠡ᠃ ᠱᠠᠩᠳᠤ ᠰᠢᠶᠠᠨ ᠳᠤ ᠣᠳᠣᠬᠠᠨ ᠳᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ 5 ᠪᠣᠶ᠂ ᠡᠭᠦᠨ ᠳᠤ ᠬᠡᠪᠴᠢᠶ᠎ᠡ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ 4 ᠪᠣᠶ ︵ᠲᠢᠶᠠᠨ ᠱᠦᠨ ᠰᠤᠪᠤᠷᠭ᠎ᠠ᠂ ᠲᠢᠶᠠᠨ ᠱᠦᠨ ᠶᠧ᠂ ᠲᠢᠶᠠᠨ ᠨᠧᠩ ᠬᠦᠨᠳᠦ ᠠᠵᠤ ᠦᠢᠯᠡᠳᠪᠦᠷᠢ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ︶᠃ ᠵᠢᠯ ᠤᠨ ᠦᠢᠯᠡᠳᠪᠦᠷᠢᠯᠡᠬᠦ ᠴᠢᠳᠠᠪᠤᠷᠢ ᠶᠢᠨ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠲᠦᠩᠰᠡ ᠶᠢ 1000 ᠢᠵᠢ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠢ 200 ᠢᠵᠢ᠂ ᠰᠠᠯᠬᠢᠨ ᠬᠦᠴᠦᠨ ᠤ ᠴᠠᠬᠢᠯᠭᠠᠨ ᠤ ᠳᠡᠯᠪᠢ ᠶᠢ 500 ᠢᠵᠢ᠂ ᠵᠠᠩᠭᠤᠤ ᠶᠢᠨ ᠪᠥᠭᠯᠡᠭᠡ ᠶᠢ 3000 ᠢᠵᠢ ᠵᠢᠷᠤᠵᠤ ᠲᠥᠯᠥᠪᠯᠡᠨ᠎ᠡ᠃ 2023 ᠣᠨ ᠤ 1 ︱ 8 ᠰᠠᠷ᠎ᠠ ᠳᠤ 4 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 6.75 ᠳ᠋ᠦᠩᠰᠢᠭᠤᠷ ᠲᠥᠭᠦᠷᠢᠭ ᠲᠤ ᠬᠦᠷᠴᠦ᠂ 1420 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2