2023 ᠣᠨ ᠤ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/19
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 2023 ᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2023 ᠣᠨ ᠤ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃   ᠨᠢᠭᠡ᠂ ᠠᠵᠢᠯᠯᠠᠭ᠎ᠠ ᠶᠢᠨ ᠨᠡᠷᠡᠶᠢᠳᠦᠯ   2023 ᠣᠨ ᠤ ᠪᠥᠬᠦ ᠣᠷᠣᠨ ᠤ ᠠᠵᠢᠯ ᠣᠯᠭᠤᠵᠦ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ᠃   ᠬᠤᠶᠠᠷ᠂ ᠠᠵᠢᠯᠯᠠᠭ᠎ᠠ ᠶᠢᠨ ᠭᠤᠣᠯ ᠰᠡᠳᠦᠪ   ︽ᠠᠯᠳᠠᠨ ᠨᠠᠮᠤᠷ ᠤᠨ ᠤᠯᠠᠷᠢᠯ ᠢᠷᠡᠭᠡᠳᠦᠢ ᠶᠢᠨ ᠵᠠᠮ ᠢ ᠬᠥᠲᠥᠯᠦᠨ᠎ᠠ︾᠃   ᠭᠤᠷᠪᠠ᠂ ᠠᠵᠢᠯᠯᠠᠭᠠᠨ ᠤ ᠴᠠᠭ   ᠬᠤᠷᠠᠯ ᠤᠨ ᠭᠤᠣᠯ ᠲᠠᠯᠠᠪᠠᠢ ᠶᠢᠨ ᠡᠬᠢᠯᠡᠯᠲᠡ ᠶᠢᠨ ᠶᠣᠰᠣᠯᠠᠯ 9 ᠰᠠᠷ᠎ᠠ ᠶᠢᠨ 23 ᠤ ᠡᠳᠦᠷ ︵ᠭᠠᠷᠠᠭ ᠤᠨ ᠵᠢᠷᠭᠤᠭᠠᠨ︶ ᠤᠨ ᠦᠳᠡ ᠶᠢᠨ ᠡᠮᠦᠨᠡᠬᠢ 9᠄ 30 ᠳᠤ ᠶᠠᠪᠤᠭᠳᠠᠨ᠎ᠠ᠃   ᠳᠥᠷᠪᠡ᠂ ᠠᠵᠢᠯᠯᠠᠭ᠎ᠠ ᠶᠢ ᠡᠷᠬᠢᠯᠡᠬᠦ ᠭᠠᠵᠠᠷ   ᠤᠯᠠᠭᠠᠨᠴᠠᠪ ᠬᠤᠳᠠ ᠶᠢᠨ ᠬᠤᠷᠠᠯ ᠦᠵᠡᠰᠬᠦᠯᠡᠩ ᠤᠨ ᠲᠥᠪ᠃   ᠲᠠᠪᠤ᠂ ᠠᠵᠢᠯᠯᠠᠭᠠᠨ ᠤ ᠠᠷᠭ᠎ᠠ ᠮᠠᠶ᠋ᠢᠭ   ᠠᠵᠢᠯᠳᠠᠨ ᠡᠯᠰᠡᠬᠦ ᠰᠢᠷᠢᠰ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠪᠠ ᠡᠯ᠎ᠡ ᠠᠶᠢᠮᠠᠭ ᠬᠤᠲᠠ ᠪᠠ ᠠᠰ ᠲᠠᠭᠠᠨ ᠲᠥᠯᠥᠪᠯᠡᠭᠡ ᠬᠢᠬᠦ ᠬᠤᠲᠠ ᠳᠤ ᠵᠡᠷᠭᠡᠪᠡᠷ ᠡᠬᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽1+14︾ ᠶᠢᠨ ᠵᠠᠭᠪᠤᠷ ᠢᠶᠠᠷ ᠥᠷᠨᠢᠭᠦᠯᠵᠦ᠂ ᠲᠤᠬᠠᠢ ᠶᠢᠨ ᠲᠠᠯᠠᠪᠠᠶ ᠪᠠ ᠰᠦᠯᠵᠢᠶ᠎ᠡ ᠪᠠᠷ ᠠᠵᠢᠯᠳᠠᠨ ᠡᠯᠰᠡᠬᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ︾ ᠪᠠ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠨᠡᠶᠢᠲᠡ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠵᠣᠯᠭᠠᠭᠤᠯᠬᠤ ᠦᠢᠯᠡᠴᠢᠯᠡᠭᠡ ᠶᠢ ᠥᠷᠨᠢᠭᠦᠯᠦᠨ᠎ᠡ᠃   ᠵᠢᠷᠭᠤᠭ᠎ᠠ᠂ ᠭᠤᠣᠯ ᠬᠤᠷᠠᠯ ᠤᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠳᠤ ᠨᠡᠷ᠎ᠡ ᠮᠡᠳᠡᠭᠦᠯᠬᠦ ᠠᠷᠭ᠎ᠠ ᠬᠡᠯᠪᠡᠷᠢ   ︵ᠨᠢᠭᠡ︶ ᠡᠯ᠎ᠡ ᠠᠵᠤ ᠠᠬᠤᠶᠢᠯᠠᠯ ᠤᠨ ᠨᠢᠭᠡᠴᠢ 9 ᠰᠠᠷ᠎ᠠ ᠶᠢᠨ 19 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠠᠵᠢᠯᠲᠠᠨ ᠡᠯᠰᠡᠬᠦ ᠬᠤᠷᠠᠯ ᠤᠨ ᠡᠭᠦᠯᠡᠨ ᠦᠢᠯᠡᠴᠢᠯᠡᠭᠡᠨ ᠤ ᠲᠠᠪᠴᠠᠩ ︵ᠰᠦᠯᠵᠢᠶᠡᠨ ᠤ ᠬᠠᠶ᠋ᠢᠭ᠄ http://zph.nmrc.com.cn/Home/Jobfair.id=802288︶ ᠲᠤ ᠣᠷᠣᠵᠤ ︽2023 ᠣᠨ ᠤ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠨ ᠭᠤᠣᠯ ᠬᠤᠷᠠᠯ ᠤᠨ ᠲᠠᠯᠠᠪᠠᠶ ᠶᠢᠨ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠬᠤᠷᠠᠯ︾ ᠳᠤ ᠨᠡᠷ᠎ᠡ ᠮᠡᠳᠡᠭᠦᠯᠵᠦ ᠪᠤᠯᠤᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠦᠵᠡᠭᠦᠯᠦᠯᠭᠡ   ᠶᠢᠨ ᠪᠠᠶᠢᠷᠢ   ᠶᠢ ᠰᠣᠩᠭᠤᠵᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠪᠢᠴᠢᠵᠦ ᠣᠷᠣᠭᠤᠯᠤᠨ᠎ᠠ᠃   ︵ᠬᠤᠶᠠᠷ︶ ᠬᠥᠮᠥᠨ ᠤ ᠬᠦᠴᠦᠨ ᠤ ᠬᠡᠷᠡᠭᠴᠡᠭᠡ ᠪᠦᠬᠦᠢ ᠠᠵᠤ ᠠᠬᠤᠶᠢᠯᠠᠯ᠂ ᠨᠢᠭᠡᠴᠢ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠤᠪᠤᠷᠠᠯ ᠢ ᠪᠡᠶᠡᠯᠡᠭᠦᠯᠬᠦ ᠳᠤ ᠬᠦᠴᠢᠷᠲᠡᠢ ᠪᠤᠯ ᠳ᠋ᠢᠶᠠᠩᠬᠤᠸᠠ ᠪᠠᠷ ᠨᠡᠷ᠎ᠡ ᠮᠡᠳᠡᠭᠦᠯᠵᠦ ᠪᠣᠯᠣᠨ᠎ᠠ᠃   ᠬᠠᠷᠢᠯᠴᠠᠬᠤ ᠬᠡᠯᠪᠡᠷᠢ᠄ ᠭᠤᠸ ᠮᠢᠨ   15624746855   ᠳᠣᠯᠤᠭ᠎ᠠ᠂ ᠬᠤᠪᠢ ᠬᠥᠮᠥᠨ ᠬᠤᠷᠠᠯ ᠳᠤ ᠣᠷᠣᠯᠴᠠᠬᠤ ᠠᠷᠭ᠎ᠠ ᠬᠡᠯᠪᠡᠷᠢ   ᠥᠷᠭᠡᠨ ᠣᠯᠠᠨ ᠠᠵᠢᠯ ᠡᠷᠢᠭᠰᠡᠳ ᠤᠨ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠂ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠤᠴᠢᠬᠤ ᠬᠡᠷᠡᠭᠲᠡᠢ᠃   ᠨᠠᠢᠮᠠ᠂ ᠨᠡᠷ᠎ᠡ ᠮᠡᠳᠡᠭᠦᠯᠬᠦ ᠬᠠᠷᠢᠯᠴᠠᠬᠤ ᠠᠷᠭ᠎ᠠ ᠮᠠᠶ᠋ᠢᠭ ᠤᠨ ᠯᠠᠪᠯᠠᠭ᠎ᠠ   ᠭᠤᠤ ᠮᠢᠨ    15624746855   ᠨᠢ ᠰᠢᠶᠣᠣ ᠴᠧᠨ    15647426556         ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠬᠤ ᠦᠢᠯᠡᠴᠢᠯᠡᠭᠡᠨ ᠤ ᠲᠥᠪ                             2023 ᠣᠨ ᠤ 9 ᠰᠠᠷ᠎ᠠ ᠶᠢᠨ 16                                                                      ᠤᠷᠴᠢᠭᠤᠯᠤᠭᠴᠢ᠄ ᠢᠷᠭᠤᠢ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2