ᠤᠯᠠᠭᠠᠨᠴᠠᠪ ᠤᠨ ᠭᠤᠣᠯ ᠬᠤᠲᠠ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠯᠪᠠᠨ ᠵᠠᠷ
ᠨᠡᠶᠢᠲᠡᠯᠡᠭᠰᠡᠨ ᠴᠠᠭ᠄
2023/9/19
  ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ ﹇2012﹈ 2492 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ︵ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠵᠦ᠂ ᠡᠳᠦᠭᠡ ᠤᠯᠠᠭᠠᠨᠴᠠᠪ ᠤᠨ ᠭᠤᠣᠯ ᠬᠤᠲᠠ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ  ᠳᠣᠣᠷᠠᠬᠢ ᠮᠡᠲᠦ ᠵᠠᠷᠯᠠᠨ ᠨᠡᠶᠢᠳᠡᠯᠡᠶ᠎ᠡ᠄   ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ   1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠤᠨ ᠭᠤᠣᠯ ᠬᠤᠲᠠ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ᠃   2. ᠪᠦᠲᠦᠭᠡᠨ ᠪᠠᠶᠢᠭᠤᠯᠬᠤ ᠭᠠᠵᠠᠷ᠄ ᠤᠯᠠᠭᠠᠨᠴᠠᠪ ᠤᠨ ᠯᠢᠶᠡᠩᠴᠧᠩ ᠰᠢᠶᠠᠨ᠂ ᠹᠸᠡᠭᠵᠧᠨ ᠬᠤᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ ᠵᠡᠷᠭᠡ᠃   3. ᠪᠦᠲᠦᠭᠡᠨ ᠪᠠᠶᠢᠭᠤᠯᠬᠤ ᠬᠡᠪᠴᠢᠶ᠎ᠡ ᠬᠢᠭᠡᠳ ᠠᠭᠤᠯᠭ᠎ᠠ᠄   ᠤᠯᠠᠭᠠᠨᠴᠠᠪ ᠤᠨ ᠲᠥᠪ ᠬᠤᠲᠠ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠪᠣᠯ ᠨᠢᠭᠡ ᠵᠦᠢᠯ ᠤᠨ ᠬᠤᠯᠠ ᠵᠠᠢ ᠳᠤ ᠤᠰᠤ ᠲᠠᠲᠠᠬᠤ ᠪᠠ ᠤᠰᠤ ᠲᠤᠬᠢᠷᠠᠭᠤᠯᠬᠤ ᠢᠨᠵᠧᠨᠧᠷᠢᠩ ᠪᠣᠯᠣᠨ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠬᠤ ᠠᠭᠤᠯᠭ᠎ᠠ᠄ ᠬᠠᠲᠤᠨ ᠭᠤᠣᠯ ᠤᠨ ᠭᠤᠣᠯ ᠤᠷᠤᠰᠬᠠᠯ ᠢᠶᠠᠷ ᠤᠰᠤᠨ ᠤ ᠡᠬᠢ ᠰᠤᠷᠪᠤᠯᠵᠢ ᠪᠣᠯᠭᠠᠵᠤ᠂ ᠣᠲᠣ ᠶᠢᠨ ᠨᠢᠭᠡᠨᠲᠡ ᠪᠠᠶᠢᠭᠤᠯᠤᠭᠰᠠᠨ ᠪᠠᠷᠢᠯᠭ᠎ᠠ ᠶᠢᠨ ᠰᠠᠭᠤᠷᠢᠨ ᠳᠡᠭᠡᠷ᠎ᠡ᠂ ᠤᠰᠤ ᠳᠠᠮᠵᠢᠭᠤᠯᠬᠤ ᠱᠤᠭᠤᠮ ᠢ ᠪᠠᠷᠤᠭ 118.60 km ᠰᠢᠨ᠎ᠡ ᠪᠠᠷ ᠪᠠᠶᠢᠭᠤᠯᠵᠤ᠂ ᠬᠠᠲᠤᠨ ᠭᠤᠣᠯ ᠤᠨ ᠤᠰᠤ ᠶᠢ ᠤᠯᠠᠭᠠᠨᠴᠠᠪ ᠬᠤᠲᠠ ᠶᠢᠨ ᠴᠢᠤᠸᠠᠨ ᠢᠦᠢ ᠯᠢᠨ ᠤᠰᠤᠨ ᠴᠥᠭᠦᠷᠥᠮ ᠳᠤ ᠬᠦᠷᠭᠡᠬᠦ ᠶᠢᠨ ᠬᠠᠮᠲᠤ ᠴᠡᠪᠡᠷᠰᠢᠬᠦᠯᠵᠦ᠂ ᠤᠯᠠᠭᠠᠨᠴᠠᠪ ᠬᠤᠲᠠ ᠶᠢᠨ ᠲᠥᠪ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠬᠠᠩᠭᠠᠨ᠎ᠠ᠃ ᠡᠭᠦᠨ ᠳᠤ ᠰᠢᠨ᠎ᠡ ᠪᠠᠷ ᠪᠠᠶᠢᠭᠤᠯᠤᠭᠰᠠᠨ ᠤᠰᠤ ᠳᠠᠮᠵᠢᠭᠤᠯᠬᠤ ᠬᠤᠭᠤᠯᠠᠢ ᠶᠢᠨ ᠶᠡᠷᠦᠩᠬᠡᠢ ᠣᠷᠳᠣ ᠨᠢ ᠪᠠᠷᠤᠭ 109.70 km᠂ ᠬᠤᠭᠤᠯᠠᠢ ᠶᠢᠨ ᠳ᠋ᠢᠶᠠᠮᠧᠲᠷ ᠨᠢ DN1200 ~ DN1600᠂ ᠬᠤᠭᠤᠯᠠᠢ ᠶᠢᠨ ᠮᠠᠲ᠋ᠧᠷᠢᠶᠠᠯ ᠳᠤ ᠨᠡᠶᠢᠯᠡᠮᠡᠯ ᠪᠣᠯᠣᠳ ᠬᠤᠭᠤᠯᠠᠢ ᠪᠠ ᠪᠥᠭᠡᠷᠡᠩᠬᠡᠢ ᠪᠡᠭᠡ ᠪᠠᠷ ᠴᠢᠳᠬᠤᠭᠰᠠᠨ ᠲᠡᠮᠦᠷ ᠬᠤᠭᠤᠯᠠᠢ ᠶᠢ ᠬᠡᠷᠡᠭᠯᠡᠨ᠎ᠡ᠃ ᠳᠠᠷᠤᠯᠲᠠ ᠨᠡᠮᠡᠬᠦ ᠬᠥᠭᠡᠷᠭᠡ ᠶᠢᠨ ᠥᠷᠲᠡᠭᠡ 1 ᠶᠢ ᠰᠢᠨ᠎ᠡ ᠪᠠᠷ ᠪᠠᠶᠢᠭᠤᠯᠵᠤ᠂ ᠵᠢᠷᠤᠵᠤ ᠲᠥᠯᠥᠪᠯᠡᠭᠰᠡᠨ ᠤᠷᠤᠰᠬᠠᠯ ᠤᠨ ᠬᠡᠮᠵᠢᠶ᠎ᠡ ᠨᠢ 1.94 m³/s᠂ ᠵᠢᠷᠤᠵᠤ ᠲᠥᠯᠥᠪᠯᠡᠭᠰᠡᠨ ᠡᠷᠭᠦᠴᠡ ᠨᠢ 272 ᠮᠧᠲᠷ ᠪᠣᠯᠣᠨ᠎ᠠ᠃ ᠴᠢᠤᠸᠠᠨ ᠢᠦᠢ ᠯᠢᠨ ᠬᠥᠭᠡᠷᠭᠡ ᠶᠢᠨ ᠥᠷᠲᠡᠭᠡ 1 ᠵᠢ‌‍ᠰᠢᠨ᠎ᠡ ᠪᠠᠷ ᠪᠠᠶᠢᠭᠤᠯᠵᠤ᠂ ᠵᠢᠷᠤᠵᠤ ᠲᠥᠯᠥᠪᠯᠡᠭᠰᠡᠨ ᠤᠷᠤᠰᠬᠠᠯ ᠤᠨ ᠬᠡᠮᠵᠢᠶ᠎ᠡ ᠨᠢ 1.46m³/s᠂ ᠵᠢᠷᠤᠵᠤ ᠲᠥᠯᠥᠪᠯᠡᠭᠰᠡᠨ ᠡᠷᠭᠦᠴᠡ ᠨᠢ 26 ᠮᠧᠲᠷ᠃  ᠤᠰᠤ ᠳᠠᠮᠵᠢᠭᠤᠯᠬᠤ ᠨᠦᠬᠡᠨ ᠵᠠᠮ 1 ᠶᠢ ᠰᠢᠨ᠎ᠡ ᠪᠠᠷ ᠪᠠᠶᠢᠭᠤᠯᠵᠤ᠂ ᠣᠷᠳᠣ ᠨᠢ 8.9 km᠂ ᠨᠦᠬᠡᠨ ᠵᠠᠮ ᠤᠨ ᠳ᠋ᠢᠶᠠᠮᠧᠲᠷ ᠨᠢ 2.0 ᠮᠧᠲᠷ ᠪᠣᠯᠣᠨ᠎ᠠ᠃ ᠡᠭᠦᠨ ᠳᠤ ᠰᠢᠨ᠎ᠡ ᠪᠠᠷ ᠪᠠᠶᠢᠭᠤᠯᠤᠭᠰᠠᠨ ᠤᠰᠤ ᠳᠠᠮᠵᠢᠭᠤᠯᠬᠤ ᠨᠦᠬᠡᠨ ᠵᠠᠮ ᠤᠨ ᠣᠷᠳᠣ ᠨᠢ 8.9 km᠂ ᠨᠦᠬᠡᠨ ᠵᠠᠮ ᠤᠨ ᠳ᠋ᠢᠶᠠᠮᠧᠲᠷ ᠨᠢ 2.0 ᠮᠧᠲᠷ᠃ ᠰᠠᠭᠤᠷᠢ ᠤᠰᠤ ᠴᠡᠪᠡᠷᠰᠢᠭᠦᠯᠬᠦ ᠦᠢᠯᠡᠳᠪᠦᠷᠢ 1 ᠶᠢ ᠰᠢᠨ᠎ᠡ ᠪᠠᠷ ᠪᠠᠶᠢᠭᠤᠯᠵᠤ᠂ ᠵᠢᠷᠤᠵᠤ ᠲᠥᠯᠥᠪᠯᠡᠭᠰᠡᠨ ᠬᠡᠪᠴᠢᠶ᠎ᠡ  ᠨᠢ 12 ᠲᠦᠮᠡᠨ m³/d ᠵᠢᠴᠢ ᠴᠢᠤᠸᠠᠨ ᠢᠦᠢ ᠯᠢᠨ ᠴᠥᠭᠦᠷᠥᠮ ᠤᠨ ᠬᠤᠷᠠᠭᠰᠠᠨ ᠢ ᠴᠡᠪᠡᠷᠯᠡᠬᠦ ᠪᠠᠷᠢᠯᠭ᠎ᠠ ᠪᠠᠶᠢᠵᠤ᠂ ᠬᠤᠷᠠᠭᠰᠠᠨ ᠢ ᠴᠡᠪᠡᠷᠯᠡᠬᠦ ᠬᠡᠮᠵᠢᠶ᠎ᠡ ᠨᠢ 20 ᠲᠦᠮᠡᠨ m³ ᠪᠣᠯᠣᠨ᠎ᠠ᠃ ᠢᠨᠵᠧᠨᠧᠷᠢᠩ ᠤᠨ ᠬᠦᠷᠢᠶ᠎ᠡ ᠬᠡᠪᠴᠢᠶ᠎ᠡ ᠨᠢ ᠤᠯᠠᠭᠠᠨᠴᠠᠪ ᠤᠨ ᠯᠢᠶᠡᠩᠴᠧᠩ ᠰᠢᠶᠠᠨ᠂ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ ᠵᠡᠷᠭᠡ ᠳᠤ ᠬᠤᠯᠪᠣᠭᠳᠠᠨ᠎ᠠ᠃   4. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ᠄ 2024 ᠣᠨ ᠤ 5 ᠰᠠᠷ᠎ᠠ ᠠᠴᠠ 2027 ᠣᠨ ᠤ 12 ᠰᠠᠷ᠎ᠠ ᠪᠣᠯᠲᠠᠯ᠎ᠠ᠃   5. ᠶᠡᠷᠦᠩᠬᠡᠢ ᠪᠡᠯᠡ ᠣᠷᠣᠭᠤᠯᠤᠯᠲᠠ᠄ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 295306.34 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠨᠢ ᠵᠠᠰᠠᠭ ᠤᠨ ᠣᠷᠳᠣᠨ ᠠᠴᠠ ᠪᠡᠯᠡ ᠣᠷᠣᠭᠤᠯᠤᠨ᠎ᠠ᠃   ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ   ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄   1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠤ ᠬᠠᠨᠳᠤᠬᠤ ᠣᠪᠣᠷ᠃᡾   2. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ ᠪᠠᠶᠢᠳᠠᠯ᠃   3. ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃   ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠦᠨᠡᠯᠡᠬᠦ ᠨᠢᠭᠡᠴᠢ ᠳᠤ ᠬᠠᠷᠢᠭᠤ ᠲᠤᠰᠬᠠᠬᠤ ᠬᠡᠷᠡᠭᠲᠡᠢ᠃   ᠭᠤᠷᠪᠠ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ ᠮᠠᠶ᠋ᠢᠭ   1. ᠪᠦᠲᠦᠭᠡᠨ ᠪᠠᠶᠢᠭᠤᠯᠤᠯᠲᠠ ᠶᠢᠨ ᠨᠢᠭᠡᠴᠢ᠄ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ    ᠬᠠᠷᠢᠯᠴᠠᠬᠤ ᠬᠥᠮᠥᠨ᠄ ᠸᠠᠩ ᠷᠦᠸᠧ ᠰᠢ   ᠬᠠᠷᠢᠯᠴᠠᠬᠤ ᠤᠲᠠᠰᠤ᠄ 18647411020   2. ᠦᠨᠡᠯᠡᠨ ᠵᠢᠱᠢᠬᠦ ᠪᠠᠶᠢᠭᠤᠯᠤᠮᠵᠢ᠄ ᠢ ᠲᠧ ᠯᠢ ᠢᠨᠵᠧᠨᠧᠷᠢᠩ ᠤᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ     ᠬᠠᠷᠢᠯᠴᠠᠬᠤ ᠬᠥᠮᠥᠨ᠄ ᠲᠢᠶᠠᠨ ᠯᠧᠢ   ᠬᠠᠷᠢᠯᠴᠠᠬᠤ ᠤᠲᠠᠰᠤ᠄ 18698441246   ᠰᠢᠤᠳᠠᠨ ᠬᠠᠶ᠋ᠢᠭ᠄ 18698441246@163.com                        ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ                        2023 ᠣᠨ ᠤ 8 ᠰᠠᠷ᠎ᠠ ᠶᠢᠨ 31                                                                          
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2