ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠲᠣᠬᠢᠷᠠᠭᠤᠯᠤᠨ ᠵᠠᠳᠠᠯᠵᠤ ᠲᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/19
   9 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠲᠣᠬᠢᠷᠠᠭᠤᠯᠤᠨ ᠵᠠᠳᠠᠯᠵᠤ᠂ ᠲᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠵᠠᠳᠠᠯᠵᠤ᠂ ᠪᠦᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠳᠣᠬᠠᠨ ᠤ ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ︽ᠲᠦᠷᠦᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠡᠩ ᠤᠯᠠᠨ ᠪᠣᠳᠠᠲᠤ ᠵᠦᠢᠯ ᠤᠨ ᠬᠡᠮᠵᠢᠶ᠎ᠡ ᠶᠢ ᠪᠦᠷᠢᠯᠳᠦᠭᠦᠯᠵᠦ᠂ ᠨᠥᠬᠦᠴᠡᠯ ᠳᠤ ᠨᠡᠶᠢᠴᠡᠬᠦ ᠲᠦᠷᠦᠯ ᠵᠦᠢᠯ ᠢ ᠲᠣᠭᠲᠠᠭᠠᠯ ᠳᠤ ᠬᠦᠷᠭᠡᠵᠦ ᠨᠢᠭᠡᠳᠦᠯᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠬᠤ ᠬᠡᠷᠡᠭᠲᠡᠢ᠃ ᠬᠦᠴᠦ ᠪᠠᠨ ᠬᠠᠮᠲᠤᠳᠬᠠᠨ᠂ ᠨᠢᠭᠲᠠ ᠬᠠᠮᠵᠢᠯᠴᠠᠨ᠂ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠶᠦᠨ ᠫᠧᠩ ᠭᠠᠩ᠂ ᠴᠠᠢ ᠶᠤᠸᠠᠢ᠂ ᠢᠦᠢ ᠬᠠᠢ ᠴᠧᠩ ᠬᠤᠷᠠᠯ ᠳᠤ ᠣᠷᠣᠯᠴᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2