9 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ | ᠲᠣᠭᠤᠷᠢᠭ ᠤᠨ ᠬᠤ᠋ ᠱᠠᠨ ᠵᠡᠭᠡᠯᠢ ᠶᠢᠨ ᠵᠢᠶᠠ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠣᠷᠪᠤᠯᠵᠢᠯᠠᠭ᠎ᠠ ᠶᠢ | ᠬᠦᠯᠢᠶᠡᠨ ᠠᠪᠴᠤ᠂ ᠤᠯᠠᠨ ᠲᠦᠮᠡᠨ ᠲᠠᠢ ᠨᠢᠭᠤᠷᠳᠠᠨ᠂ ᠰᠡᠳᠬᠢᠯ ᠤᠨ ᠦᠭᠡ ᠪᠠᠨ ᠰᠣᠯᠢᠯᠴᠠᠵᠤ᠂ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠪᠡ᠃ | ᠬᠤᠶᠠᠷ ᠪᠦᠯᠦᠭ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠲᠤᠰ ᠲᠤᠰ ᠰᠠᠭᠤᠭ᠎ᠠ ᠭᠠᠵᠠᠷ ᠲᠤᠨᠢ | ᠪᠠᠶᠢᠭᠠᠯᠢ ᠶᠢᠨ ᠰᠢᠲᠠᠮᠠᠬᠠᠢ ᠬᠡᠢ ᠨᠡᠪᠲᠡᠷᠡᠭᠰᠡᠨ ᠦᠭᠡᠢ᠂ ᠢᠯᠴᠢ ᠬᠠᠩᠭᠠᠬᠤ ᠬᠤᠶᠠᠳᠤᠭᠠᠷ ᠲᠣᠣᠷ ᠢ ᠥᠭᠡᠷᠡᠴᠢᠯᠡᠨ | ᠵᠠᠰᠠᠭᠰᠠᠨ ᠭᠠᠵᠠᠷ ᠤᠨ ᠭᠤᠤ ᠶᠢᠨ ᠬᠡᠰᠡᠭ ᠢ ᠰᠡᠯᠪᠢᠨ ᠵᠠᠰᠠᠭᠰᠠᠨ ᠦᠭᠡᠢ ᠵᠡᠷᠭᠡ ᠠᠰᠠᠭᠤᠳᠠᠯ ᠢ ᠲᠤᠰᠬᠠᠵᠠᠢ᠃ ᠰᠦᠢ | ᠸᠧᠢ ᠵᠢᠶᠦ᠋ᠨ ᠲᠡᠳᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠠᠰᠠᠭᠤᠳᠠᠯ ᠤᠨ | ᠦᠨᠳᠦᠰᠦ ᠰᠤᠷᠪᠤᠯᠵᠢ᠂ ᠰᠢᠢᠳᠪᠦᠷᠢᠯᠡᠬᠦ ᠳᠤ ᠬᠦᠴᠢᠷ ᠠᠰᠠᠭᠤᠳᠠᠯ ᠪᠠ ᠰᠢᠢᠳᠪᠦᠷᠢᠯᠡᠭᠰᠡᠨ ᠠᠬᠢᠴᠠ ᠶᠢ ᠨᠠᠷᠢᠨ | ᠨᠢᠭᠲᠠ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ | ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠰᠦᠢ ᠸᠧᠢ ᠵᠢᠶᠦ᠋ᠨ | ᠂ ᠪᠠᠶᠢᠭᠠᠯᠢ ᠶᠢᠨ ᠰᠢᠲᠠᠮᠠᠬᠠᠢ ᠬᠡᠢ ᠨᠡᠪᠲᠡᠷᠡᠭᠦᠯᠬᠦ ᠪᠠ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ | ᠨᠢ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠵᠤ᠂ ᠤᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠭᠤᠳ ᠨᠥᠯᠥᠭᠡᠯᠡᠳᠡᠭ ᠪᠣᠯᠬᠤᠷ ᠤᠯᠠᠨ ᠲᠦᠮᠡᠨ ᠤ ᠪᠠᠴᠢᠮ ᠲᠤᠯᠭᠠᠮ᠎ᠠ | ᠠᠰᠠᠭᠤᠳᠠᠯ ᠢ ᠱᠠᠯᠠᠪᠳᠠᠨ ᠰᠠᠶᠢᠲᠤᠷ ᠰᠢᠢᠳᠪᠦᠷᠢᠯᠡᠵᠦ᠂ ᠠᠵᠢᠯ ᠤᠨ ᠠᠬᠢᠴᠠ ᠪᠠᠨ ᠲᠦᠷᠭᠡᠳᠬᠡᠵᠦ᠂ ᠨᠢᠭᠡ ᠠᠴᠠ | ᠨᠦᠬᠦᠭᠡ ᠶᠢ ᠵᠦᠢᠴᠢᠯᠡᠨ ᠡᠶᠢᠮᠦᠷᠬᠦ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ | ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠤᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ | ᠰᠦᠢ ᠸᠧᠢ ᠵᠢᠶᠦ᠋ᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠬᠠᠶᠢᠷ᠎ᠠ᠂ | ᠬᠠᠷᠢᠭᠤᠴᠠᠯᠭ᠎ᠠ ᠶᠢ ᠡᠪᠦᠷᠯᠡᠨ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠶᠠᠭ | ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠵᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠪᠠᠷ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ︽ᠲᠠᠶᠢᠯᠪᠤᠷᠢᠯᠠᠯᠲᠠ ᠲᠠᠢ ᠰᠡᠳᠬᠢᠬᠦᠢ︾ ᠶᠢ | ᠴᠢᠩᠭᠠᠳᠬᠠᠵᠤ᠂ ᠦᠵᠡᠯ ᠰᠠᠨᠠᠭᠠᠨ ᠤ ᠠᠰᠠᠭᠤᠳᠠᠯ᠂ ᠵᠣᠭᠰᠣᠯᠲᠠ ᠶᠢᠨ ᠠᠰᠠᠭᠤᠳᠠᠯ᠂ ᠠᠷᠭ᠎ᠠ ᠶᠢᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠶᠡᠭᠡ ᠪᠠᠷ | ᠬᠡᠷᠡᠭᠵᠢᠭᠦᠯᠵᠦ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ | ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃ | ᠯᠢᠦ ᠭᠦᠸᠧ ᠭᠠᠩ᠂ ᠵᠠᠩ ᠶᠦᠩ ᠸᠧᠨ᠂ ᠢᠦᠢ ᠬᠠᠢ ᠴᠧᠩ ᠣᠷᠣᠯᠴᠠᠵᠠᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |