| | ᠤᠯᠠᠭᠠᠨᠴᠠᠪ ᠤᠨ ︽ᠲᠠᠯ᠎ᠠ ᠨᠤᠲᠤᠭ ᠤᠨ ᠲᠣᠷᠭᠠᠨ ᠵᠠᠮ︾ ᠤᠨ ᠨᠠᠢᠮᠠᠳᠤᠭᠠᠷ ᠬᠤᠭᠤᠴᠠᠭᠠᠨ ᠤ ᠵᠢᠨᠢᠩ ᠤᠨ | ᠣᠯᠠᠨ ᠤᠯᠤᠰ ᠤᠨ ᠠᠷᠠᠰᠤ ᠰᠢᠷᠢ ᠶᠢᠨ ᠨᠠᠶᠢᠷ 9 ᠰᠠᠷ᠎ᠠ ᠶᠢᠨ 9 ᠤ ᠡᠳᠦᠷ ᠡᠬᠢᠯᠡᠵᠦ᠂ ᠪᠥᠬᠦ ᠤᠯᠤᠰ ᠤᠨ ᠠᠷᠠᠰᠤ | ᠰᠢᠷᠢ ᠶᠢᠨ ᠲᠤᠰᠬᠠᠢ ᠵᠠᠬ᠎ᠠ ᠳᠡᠯᠭᠡᠭᠦᠷ ᠪᠠ ᠬᠤᠪᠴᠠᠰᠤ ᠬᠤᠨᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠦᠯᠡᠮᠵᠢ ᠣᠯᠠᠨ ᠬᠤᠳᠠᠯᠳᠤᠭᠠᠴᠢᠨ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠪᠡ᠃ | ᠲᠣᠰ ᠤᠳᠠᠭᠠᠨ ᠤ ᠪᠠᠷᠠᠭ᠎ᠠ ᠵᠠᠬᠢᠶᠠᠯᠠᠬᠤ ᠭᠠᠷᠠᠭ ᠨᠢ 9 ᠰᠠᠷ᠎ᠠ ᠶᠢᠨ 8 ᠤ ᠡᠳᠦᠷ ᠠᠴᠠ ᠡᠬᠢᠯᠡᠵᠦ᠂ 15 ᠤ | ᠡᠳᠦᠷ ᠳᠠᠭᠤᠰᠤᠨ᠎ᠠ᠂ ᠪᠥᠬᠦ ᠤᠯᠤᠰ ᠤᠨ ᠡᠯ᠎ᠡ ᠭᠠᠵᠠᠷ ᠴᠢᠨᠠᠭᠰᠢᠯᠠᠪᠠᠯ ᠮᠣᠩᠭᠤᠯ ᠤᠯᠤᠰ ᠠᠴᠠ ᠢᠷᠡᠭᠰᠡᠨ | ᠬᠤᠳᠠᠯᠳᠤᠭᠠᠴᠢᠨ ᠵᠢᠨᠢᠩ ᠳᠤ ᠬᠤᠷᠠᠨ ᠴᠤᠭᠯᠠᠷᠠᠵᠤ᠂ ᠠᠷᠠᠰᠤ ᠰᠢᠷᠢ ᠶᠢᠨ ᠬᠤᠲᠠ ᠶᠢᠨ ᠬᠤᠳᠠᠯᠳᠤᠭᠠᠴᠢᠳ ᠴᠤ | ᠪᠠᠷᠠᠭ᠎ᠠ ᠪᠠᠨ ᠤᠷᠢᠳᠴᠢᠯᠠᠨ ᠪᠡᠯᠡᠳᠬᠡᠵᠦ᠂ ᠳᠡᠯᠭᠡᠭᠦᠷ ᠪᠣᠯᠭᠠᠨ ᠳᠤ ᠴᠥᠮ ᠴᠢᠨᠠᠷ ᠰᠠᠶᠢᠲᠠᠢ ᠰᠢᠨ᠎ᠡ ᠮᠠᠶ᠋ᠢᠭ ᠤᠨ | ᠬᠤᠪᠴᠠᠰᠤ ᠵᠠᠰᠠᠯ ᠲᠠᠢ ᠪᠠᠶᠢᠵᠤ᠂ ᠣᠲᠣ ᠪᠣᠯᠲᠠᠯ᠎ᠠ ᠵᠠᠬᠢᠶᠠᠯᠠᠭ᠎ᠠ ᠶᠢᠨ ᠠᠷᠠᠯᠵᠢᠶᠠᠨ ᠤ ᠪᠥᠬᠦ ᠲᠤᠭ᠎ᠠ 2000 | ᠲᠦᠮᠡ ᠳᠤ ᠬᠦᠷᠴᠡᠢ᠃ | ︽ᠳᠤᠮᠳᠠᠳᠤ ᠭᠠᠳᠠᠭᠠᠳᠤ ᠶᠢᠨ ᠠᠷᠠᠯᠵᠢᠶᠠᠴᠢᠨ ᠤ ᠠᠷᠠᠰᠤ ᠰᠢᠷᠢ ᠶᠢᠨ ᠪᠠᠷᠠᠭ᠎ᠠ ᠵᠠᠬᠢᠶᠠᠯᠠᠬᠤ ᠭᠠᠷᠠᠭ︾ ᠪᠣᠯ | ᠤᠯᠠᠭᠠᠨᠴᠠᠪ ᠤᠨ ︽ᠲᠠᠯ᠎ᠠ ᠨᠤᠲᠤᠭ ᠤᠨ ᠲᠣᠷᠭᠠᠨ ᠵᠠᠮ︾ ᠤᠨ ᠨᠠᠢᠮᠠᠳᠤᠭᠠᠷ ᠬᠤᠭᠤᠴᠠᠭᠠᠨ ᠤ ᠵᠢᠨᠢᠩ ᠤᠨ ᠣᠯᠠᠨ | ᠤᠯᠤᠰ ᠤᠨ ᠠᠷᠠᠰᠤ ᠰᠢᠷᠢ ᠶᠢᠨ ᠪᠠᠶᠠᠷ ᠤᠨ ᠨᠢᠭᠡ ᠵᠦᠢᠯ ᠤᠨ ᠴᠢᠬᠤᠯᠠ ᠠᠵᠢᠯᠯᠠᠭ᠎ᠠ ᠪᠣᠯᠣᠨ᠎ᠠ᠂ ᠡᠨᠡ ᠨᠢ | ᠦᠢᠯᠡᠳᠪᠦᠷᠢᠯᠡᠯ ᠤᠨ ᠬᠤᠳᠠᠯᠳᠤᠭᠠᠴᠢᠨ ᠪᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠰᠣᠯᠢᠯᠴᠠᠭ᠎ᠠ᠂ | ᠨᠡᠪᠲᠡᠷᠡᠯᠴᠡᠭᠡ ᠶᠢᠨ ᠬᠥᠭᠦᠷᠭᠡ ᠲᠠᠯᠪᠢᠵᠤ ᠥᠭᠬᠦ ᠶᠢᠨ ᠲᠥᠯᠥᠭᠡ ᠶᠤᠮ᠂ ᠨᠠᠩ ᠴᠤ ᠠᠵᠤ ᠠᠬᠤᠶᠢᠯᠠᠯ ᠤᠨ | ᠲᠠᠸᠠᠷ ᠤᠨ ᠦᠵᠡᠭᠦᠯᠭᠡ᠂ ᠨᠠᠷᠠᠲᠤ ᠲᠡᠮᠳᠡᠭᠲᠦ ᠶᠢᠨ ᠳᠡᠯᠭᠡᠷᠡᠭᠦᠯᠦᠯᠲᠡ᠂ ᠠᠷᠠᠯᠵᠢᠶ᠎ᠠ ᠬᠤᠳᠠᠯᠳᠤᠭᠠᠨ ᠤ | ᠬᠠᠮᠲᠤᠷᠠᠯᠴᠠᠭᠠᠨ ᠤ ᠬᠠᠮᠤᠭ ᠤᠨ ᠰᠠᠶᠢᠨ ᠲᠠᠪᠴᠠᠩ ᠪᠣᠯᠣᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |