ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠵᠤᠷᠭᠠᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠰᠢᠭ ᠣᠷᠣᠯᠭ᠎ᠠ ᠶᠢᠨ ᠭᠠᠶᠢᠯᠢ ᠶᠢᠨ ᠵᠤᠷᠭᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠠᠰᠠᠷᠠᠨ ᠲᠡᠵᠢᠭᠡᠬᠦ ᠨᠠᠰᠤᠲᠠᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠰᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠬᠦᠯᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/9/19
  ᠨᠢᠭᠡ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠢ ᠨᠢ ᠰᠤᠷᠭᠠᠨ ᠬᠥᠮᠥᠵᠢᠭᠦᠯᠬᠦ᠂ ᠨᠠᠰᠤᠲᠠᠨ ᠢ ᠠᠰᠠᠷᠠᠨ ᠲᠡᠵᠢᠭᠡᠬᠦ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ  ᠶᠢᠨ ᠲᠤᠰᠬᠠᠢ ᠵᠦᠢᠯ ᠤᠨ ᠨᠡᠮᠡᠯᠲᠡ ᠰᠠᠭᠠᠳᠬᠠᠯ ︵ᠳᠣᠷᠣᠭᠰᠢ ︽ᠨᠢᠭᠡ ᠨᠠᠰᠤᠲᠠᠨ ᠨᠢᠭᠡ ᠬᠡᠦᠬᠡᠳ︾ ᠠᠴᠠ ᠬᠠᠰᠤᠬᠤ ᠭᠡᠵᠦ ᠲᠣᠪᠴᠢᠯᠠᠨ᠎ᠠ︶ ᠢ ᠳᠡᠭᠡᠭᠰᠢᠯᠡᠬᠦᠯᠬᠦ ᠲᠥᠷᠥ ᠶᠢᠨ ᠪᠣᠳᠣᠯᠭ᠎ᠠ ᠶᠢᠨ ᠪᠣᠳᠣᠯᠬᠢᠯᠠᠯ ᠨᠢ ᠶᠠᠭᠤ ᠪᠤᠶ︖   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠵᠦ᠂ ᠦᠷᠡᠵᠢᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠦᠷᠡᠵᠢᠬᠦ᠂ ᠥᠰᠬᠡᠨ ᠪᠣᠶᠢᠵᠢᠭᠤᠯᠬᠤ᠂ ᠰᠤᠷᠭᠠᠨ ᠬᠥᠮᠥᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠤᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠠᠯ᠎ᠠ ᠪᠠᠷ᠂ 2018 ᠣᠨ ᠠᠴᠠ ᠨᠠᠰᠢ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠰᠤᠷᠭᠠᠨ ᠬᠥᠮᠦᠵᠢᠯ᠂ ᠥᠰᠬᠡᠨ ᠪᠣᠶᠢᠵᠢᠭᠤᠯᠬᠤ᠂ ᠣᠷᠣᠨ ᠰᠠᠭᠤᠴᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠵᠠᠷᠤᠯᠭ᠎ᠠ ᠶᠢᠨ ᠬᠦᠷᠢᠶ᠎ᠡ ᠶᠢᠨ ᠲᠣᠭᠤᠷᠢᠨ ᠳᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ ᠂ ᠨᠠᠰᠤᠲᠠᠨ ᠢ ᠠᠰᠠᠷᠠᠨ ᠲᠡᠵᠢᠭᠡᠬᠦ ᠵᠡᠷᠭᠡ 7 ᠵᠦᠢᠯ ᠤᠨ ᠲᠤᠰᠬᠠᠢ ᠨᠡᠮᠡᠯᠲᠡ ᠰᠠᠭᠤᠳᠬᠠᠯ ᠭᠠᠷᠭᠠᠵᠤ᠂ ᠰᠠᠷ᠎ᠠ ᠪᠦᠷᠢ ᠶᠢᠨ 5000 ᠲᠥᠭᠦᠷᠢᠭ ᠤᠨ ᠦᠨᠳᠦᠰᠦᠨ ᠵᠠᠷᠤᠳᠠᠯ ᠢ ᠬᠠᠰᠤᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠲᠠᠬᠢᠨ ᠳᠠᠪᠬᠤᠷᠳᠠᠭᠤᠯᠤᠨ ᠰᠠᠭᠤᠳᠬᠠᠯ ᠥᠭᠴᠦ᠂ ᠭᠡᠷ ᠪᠦᠯᠢ ᠶᠢᠨ ᠵᠥᠷᠢᠶᠡᠲᠦ ᠴᠢᠨᠠᠷᠲᠠᠢ ᠡᠭᠦᠷᠭᠡᠯᠡᠯ ᠪᠠ ᠵᠠᠷᠤᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠢ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠣᠯᠭᠠᠪᠠ᠃   ᠣᠶᠢᠷ᠎ᠠ ᠶᠢᠨ ᠵᠢᠯ ᠤᠳ ᠲᠤ᠂ ᠦᠷᠡᠵᠢᠭᠦᠯᠬᠦ᠂ ᠥᠰᠬᠡᠨ ᠪᠣᠶᠢᠵᠢᠭᠤᠯᠬᠤ ᠪᠠ ᠠᠴᠢᠯᠠᠨ ᠲᠡᠵᠢᠭᠡᠬᠦ ᠡᠭᠦᠷᠭᠡᠯᠡᠯ ᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ ᠤᠷᠢᠶᠠᠯᠠᠭ᠎ᠠ ᠨᠡᠯᠢᠶᠡᠳ ᠤᠯᠠᠨ ᠪᠠᠶᠢᠨ᠎ᠠ᠃ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠢ ᠨᠢ ᠰᠤᠷᠭᠠᠨ ᠬᠥᠮᠥᠵᠢᠭᠦᠯᠬᠦ᠂ ᠨᠠᠰᠤᠲᠠᠨ ᠢ ᠠᠴᠢᠯᠠᠨ ᠲᠡᠵᠢᠭᠡᠬᠦ 3 ᠵᠦᠢᠯ ᠤᠨ ᠲᠤᠰᠬᠠᠢ ᠵᠦᠢᠯ ᠤᠨ ᠨᠡᠮᠡᠯᠲᠡ ᠰᠠᠭᠠᠳᠬᠠᠯ ᠨᠢ ︽ᠨᠢᠭᠡ ᠨᠠᠰᠤᠲᠠᠨ ᠨᠢᠭᠡ ᠬᠡᠦᠬᠡᠳ︾ ᠲᠠᠢ ᠰᠢᠭᠤᠳ ᠬᠤᠯᠪᠣᠭ᠎ᠠ ᠲᠠᠢ ᠪᠠᠶᠢᠳᠠᠭ᠂ ᠬᠤᠯᠪᠣᠭᠳᠠᠯ ᠪᠦᠬᠦᠢ ᠲᠤᠰᠬᠠᠢ ᠵᠦᠢᠯ ᠤᠨ ᠨᠡᠮᠡᠯᠲᠡ ᠰᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠨᠢ ᠭᠡᠷ ᠪᠦᠯᠢ ᠶᠢᠨ ᠠᠰᠠᠷᠠᠨ ᠲᠡᠵᠢᠭᠡᠬᠦ ᠪᠠ ᠠᠴᠢᠯᠠᠨ ᠲᠡᠵᠢᠭᠡᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠨ ᠰᠠᠶᠢᠵᠢᠷᠠᠭᠤᠯᠬᠤ ᠳᠤ ᠠᠰᠢᠭᠲᠠᠢ ᠪᠥᠭᠡᠳ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠪᠠ ᠴᠢᠳᠠᠪᠤᠷᠢ ᠶᠢ ᠳᠡᠭᠡᠭᠰᠢᠯᠡᠭᠦᠯᠬᠦ ᠳᠤ ᠴᠦ ᠠᠰᠢᠭᠲᠠᠢ ᠶᠤᠮ᠃   ᠬᠤᠶᠠᠷ᠂ ︽ᠨᠢᠭᠡ ᠨᠠᠰᠤᠲᠠᠨ ᠨᠢᠭᠡ ᠬᠡᠦᠬᠡᠳ︾ ᠠᠴᠠ ᠬᠠᠰᠤᠭᠠᠳ ᠳᠡᠭᠡᠭᠰᠢᠯᠡᠭᠦᠯᠦᠭᠰᠡᠨ ᠤ ᠳᠠᠷᠠᠭᠠᠬᠢ ᠪᠠᠷᠢᠮᠵᠢᠶ᠎ᠠ ᠨᠢ ᠬᠡᠳᠦᠢ ᠪᠤᠢ︖   2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ  ᠂ ᠦᠷ᠎ᠡ ᠬᠡᠦᠬᠡᠳ ᠢ ᠰᠤᠷᠭᠠᠨ ᠬᠥᠮᠥᠵᠢᠭᠦᠯᠬᠦ ᠪᠠ ᠨᠠᠰᠤᠲᠠᠨ ᠢ ᠠᠰᠠᠷᠠᠨ ᠲᠡᠵᠢᠭᠡᠬᠦ 3 ᠵᠦᠢᠯ ᠤᠨ ᠲᠤᠰᠬᠠᠢ ᠵᠦᠢᠯ ᠤᠨ ᠨᠡᠮᠡᠯᠲᠡ ᠰᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠡᠭᠦᠨ ᠳᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠲᠤᠰᠬᠠᠢ ᠵᠦᠢᠯ ᠤᠨ ᠨᠡᠮᠡᠯᠲᠡ ᠰᠠᠭᠠᠳᠬᠠᠯ ᠤᠨ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠡᠦᠬᠡᠳ ᠨᠢᠭᠡᠪᠦᠷᠢ ᠶᠢᠨ ᠰᠠᠷ᠎ᠠ ᠳᠤ 1000 ᠲᠥᠭᠦᠷᠢᠭ ᠪᠠᠶᠢᠭᠰᠠᠨ ᠠᠴᠠ 2000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠥᠭᠡᠷ᠎ᠡ ᠪᠠᠷ ᠬᠡᠯᠡᠪᠡᠯ᠂ ᠬᠡᠦᠬᠡᠳ ᠨᠢᠭᠡᠪᠦᠷᠢ ᠶᠢ ᠲᠥᠷᠥᠭᠰᠡᠨ ᠠᠴᠠ ᠠᠪᠤᠭᠠᠳ ᠰᠤᠷᠤᠯᠭ᠎ᠠ  ᠶᠢᠨ ᠨᠠᠮᠲᠠᠷ ᠤᠨ ᠰᠤᠷᠭᠠᠨ ᠬᠥᠮᠦᠵᠢᠯ ᠢ ᠪᠡᠶᠡᠯᠡᠭᠦᠯᠬᠦ ᠪᠣᠯᠲᠠᠯ᠎ᠠ ᠡᠴᠢᠭᠡ ᠡᠬᠡ ᠨᠢ ᠰᠠᠷ᠎ᠠ ᠪᠦᠷᠢ ᠭᠠᠶᠢᠯᠢ ᠲᠤᠰᠢᠶᠠᠬᠤ  ᠠᠴᠠ ᠡᠮᠦᠨ᠎ᠡ 2000 ᠲᠥᠭᠦᠷᠢᠭ ᠰᠠᠭᠤᠯᠭᠠᠨ ᠠᠪᠴᠤ᠂ ᠵᠢᠯ ᠪᠦᠷᠢ 2.4 ᠲᠦᠮᠡᠨ ᠲᠥᠭᠦᠷᠢᠭ ᠰᠠᠭᠤᠯᠭᠠᠨ ᠠᠪᠴᠤ ᠪᠣᠯᠣᠨ᠎ᠠ᠂ ᠡᠲᠡᠭᠡᠷ ᠰᠠᠭᠤᠳᠬᠠᠯ ᠢ ᠡᠴᠢᠭᠡ ᠡᠬᠡ ᠬᠤᠶᠠᠷ ᠲᠠᠯ᠎ᠠ ᠪᠠᠷ ᠢᠶᠠᠨ ᠲᠣᠰ ᠲᠣᠰ ᠡᠳ᠋ᠯᠡᠵᠦ ᠪᠣᠯᠬᠤ ᠪᠥᠭᠡᠳ ᠲᠡᠳᠡᠨ ᠤ ᠳᠣᠲᠣᠷᠠᠬᠢ ᠨᠢᠭᠡ ᠲᠠᠯ᠎ᠠ ᠨᠢ ᠴᠦ ᠡᠳ᠋ᠯᠡᠵᠦ ᠪᠣᠯᠣᠨ᠎ᠠ᠃ ᠨᠠᠰᠤᠳᠠᠨ ᠢ ᠠᠰᠠᠷᠠᠨ ᠲᠡᠵᠢᠭᠡᠬᠦ ᠲᠤᠰᠬᠠᠢ ᠵᠦᠢᠯ ᠤᠨ ᠨᠡᠮᠡᠯᠲᠡ ᠰᠠᠭᠠᠳᠬᠠᠯ ᠤᠨ ᠪᠠᠷᠢᠮᠵᠢᠶ᠎ᠠ ᠶᠢ ᠰᠠᠷ᠎ᠠ ᠪᠦᠷᠢ 2000 ᠲᠥᠭᠦᠷᠢᠭ ᠪᠠᠶᠢᠭᠰᠠᠨ ᠠᠴᠠ 3000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠦᠮᠦᠨ ᠤ ᠭᠠᠭᠴᠠ ᠬᠡᠦᠬᠡᠳ ᠤᠨ ᠰᠠᠭᠠᠳᠬᠠᠯ ᠢ ᠰᠠᠷ᠎ᠠ ᠪᠦᠷᠢ 3000 ᠲᠥᠭᠦᠷᠢᠭ ᠤᠨ ᠪᠠᠷᠢᠮᠵᠢᠶ᠎ᠠ ᠪᠠᠷ ᠲᠣᠭᠲᠠᠭᠰᠠᠨ ᠨᠣᠷᠮ᠎ᠠ ᠪᠠᠷ ᠬᠠᠰᠤᠵᠤ᠂ ᠬᠥᠮᠥᠨ ᠤ ᠭᠠᠭᠴᠠ ᠪᠤᠰᠤ ᠬᠡᠦᠬᠡᠳ ᠬᠢᠭᠡᠳ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠨᠣᠭᠳᠠᠭᠤᠯᠬᠤ ᠰᠠᠷ᠎ᠠ ᠪᠦᠷᠢ 3000 ᠲᠥᠭᠦᠷᠢᠭ ᠤᠨ ᠰᠠᠭᠠᠳᠬᠠᠯ ᠤᠨ ᠬᠡᠮᠵᠢᠶ᠎ᠡ ᠶᠢ ᠬᠥᠮᠥᠨ ᠪᠦᠷᠢ ᠶᠢᠨ ᠨᠣᠭᠳᠠᠭᠤᠯᠬᠤ ᠲᠤᠭ᠎ᠠ ᠬᠡᠮᠵᠢᠶ᠎ᠡ ᠶᠢ ᠰᠠᠷ᠎ᠠ ᠪᠦᠷᠢ 1500 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃   ᠭᠤᠷᠪᠠ᠂ ᠡᠨᠡ ᠵᠢᠯ ᠠᠴᠠ ᠨᠠᠰᠢ᠂ ᠭᠠᠶᠢᠯᠢ ᠲᠤᠰᠢᠶᠠᠭᠴᠢ ᠨᠢᠭᠡᠨᠲᠡ ︽ᠨᠢᠭᠡ ᠨᠠᠰᠤᠲᠠᠨ ᠨᠢᠭᠡ ᠬᠡᠦᠬᠡᠳ︾ ᠰᠠᠭᠤᠳᠬᠠᠯ ᠢ ᠭᠥᠷᠳᠡᠬᠦ ᠪᠠᠷ ᠲᠠᠭᠯᠠᠨ ᠮᠡᠳᠡᠭᠦᠯᠦᠭᠰᠡᠨ ᠪᠠᠶᠢᠪᠠᠯ᠂ ᠬᠡᠷᠬᠢᠨ ᠳᠡᠭᠡᠭᠰᠢᠯᠡᠭᠦᠯᠦᠭᠰᠡᠨ ᠤ ᠳᠠᠷᠠᠭᠠᠬᠢ ᠪᠠᠷᠢᠮᠵᠢᠶ᠎ᠠ ᠪᠠᠷ ᠰᠠᠭᠤᠳᠬᠠᠯ ᠢ ᠭᠥᠷᠳᠡᠬᠦ ᠪᠣᠶ︖   ᠡᠨᠡ ᠵᠢᠯ ᠠᠴᠠ ᠨᠠᠰᠢ᠂ ᠭᠠᠶᠢᠯᠢ ᠲᠤᠰᠢᠶᠠᠭᠴᠢ ᠨᠢᠭᠡᠨᠲᠡ ᠤᠤᠯ ᠤᠨ ᠪᠠᠷᠢᠮᠵᠢᠶ᠎ᠠ ᠶᠣᠰᠣᠭᠠᠷ 2023 ᠣᠨ ᠤ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠨᠠᠰᠤᠲᠠᠨ ᠢᠶᠠᠨ ᠠᠰᠠᠷᠠᠨ ᠲᠡᠵᠢᠭᠡᠬᠦ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠭᠥᠷᠳᠡᠬᠦ ᠪᠠᠷ ᠲᠠᠭᠯᠠᠨ ᠮᠡᠳᠡᠭᠦᠯᠦᠭᠰᠡᠨ ᠪᠠᠶᠢᠪᠠᠯ᠂ 9 ᠰᠠᠷ᠎ᠠ ᠠᠴᠠ ᠡᠬᠢᠯᠡᠨ᠂ ᠮᠡᠳᠡᠭᠡ ᠵᠠᠩᠭᠢ ᠶᠢᠨ ᠰᠢᠰᠲ᠋ᠧᠮ ᠨᠢ ᠳᠡᠭᠡᠭᠰᠢᠯᠡᠭᠦᠯᠦᠭᠰᠡᠨ ᠤ ᠳᠠᠷᠠᠭᠠᠬᠢ ᠲᠤᠰᠬᠠᠢ ᠵᠦᠢᠯ ᠤᠨ ᠨᠡᠮᠡᠯᠲᠡ ᠶᠢ ᠰᠠᠭᠤᠯᠭᠠᠨ ᠠᠪᠬᠤ ᠪᠠᠷᠢᠮᠵᠢᠶ᠎ᠠ ᠪᠠᠷ ᠲᠤᠰᠢᠶᠠᠬᠤ ᠶᠣᠰᠣᠲᠠᠢ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠠᠶᠠᠨᠳᠠᠭᠠᠨ ᠪᠤᠳᠤᠵᠤ᠂ ᠡᠭᠦᠨ ᠠᠴᠠ ᠡᠮᠦᠨ᠎ᠡ ᠢᠯᠡᠭᠦᠦ ᠲᠤᠰᠢᠶᠠᠭᠰᠠᠨ ᠭᠠᠶᠢᠯᠢ ᠶᠢᠨ ᠵᠣᠭᠤᠰ ᠢ ᠲᠣᠰ ᠵᠢᠯ ᠤᠨ ᠲᠠᠷᠠᠭᠠᠴᠢ ᠶᠢᠨ ᠰᠠᠷ᠎ᠠ ᠶᠢᠨ ᠲᠤᠰᠢᠶᠠᠬᠤ ᠶᠣᠰᠣᠲᠠᠢ ᠭᠠᠶᠢᠯᠢ ᠶᠢᠨ ᠵᠣᠭᠤᠰ ᠢ ᠠᠶᠠᠨᠳᠠᠭᠠᠨ ᠲᠤᠯᠭᠠᠨ ᠬᠠᠰᠤᠵᠤ ᠪᠣᠯᠣᠨ᠎ᠠ᠂ ᠲᠤᠯᠭᠠᠨ ᠬᠠᠰᠤᠭᠠᠳ ᠪᠠᠷᠠᠬᠤ ᠦᠭᠡᠢ ᠪᠣᠯ 2023 ᠣᠨ ᠤ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠦᠷᠭᠦᠯᠵᠢᠯᠡᠨ ᠡᠳ᠋ᠯᠡᠵᠦ ᠪᠣᠯᠣᠨ᠎ᠠ᠃   ᠳᠥᠷᠪᠡ᠂ ᠡᠨᠡ ᠵᠢᠯ ᠠᠴᠠ ᠨᠠᠰᠢ᠂ ᠭᠠᠶᠢᠯᠢ ᠲᠤᠰᠢᠶᠠᠭᠴᠢ ᠪᠠᠰᠠ ︽ᠨᠢᠭᠡ ᠨᠠᠰᠤᠲᠠᠨ ᠨᠢᠭᠡ ᠬᠡᠦᠬᠡᠳ︾ ᠶᠢᠨ ᠰᠠᠭᠤᠳᠬᠠᠯ ᠢ ᠡᠳ᠋ᠯᠡᠬᠦ ᠪᠠᠷ ᠲᠠᠭᠯᠠᠨ ᠮᠡᠳᠡᠭᠦᠯᠦᠭᠡᠳᠦᠢ ᠪᠠᠶᠢᠪᠠᠯ᠂ ᠬᠡᠷᠬᠢᠨ ᠡᠳ᠋ᠯᠡᠪᠡᠯ ᠵᠣᠬᠢᠬᠤ ᠪᠣᠶ︖   ᠭᠠᠶᠢᠯᠢ ᠲᠤᠰᠢᠶᠠᠭᠴᠢ ᠪᠠᠰᠠ 2023 ᠣᠨ ᠤ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ ᠭᠥᠷᠳᠡᠬᠦ᠂ ᠨᠠᠰᠤᠲᠠᠨ   ᠢ ᠠᠰᠠᠷᠠᠨ ᠲᠡᠵᠢᠭᠡᠬᠦ ᠲᠤᠰᠬᠠᠢ ᠵᠦᠢᠯ ᠤᠨ ᠨᠡᠮᠡᠯᠲᠡ ᠰᠠᠭᠠᠳᠬᠠᠯ ᠢ ᠬᠦᠷᠳᠡᠬᠦ ᠪᠠᠷ ᠲᠠᠭᠯᠠᠨ ᠮᠡᠳᠡᠭᠦᠯᠦᠭᠡᠳᠦᠢ ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠪᠤᠶᠤ ᠲᠤᠰᠢᠶᠠᠯ ᠡᠭᠦᠷᠭᠡᠯᠡᠵᠦ ᠬᠥᠯᠥᠰᠦᠯᠡᠭᠳᠡᠭᠰᠡᠨ ᠨᠢᠭᠡᠴᠢ ᠪᠠᠷ ᠳᠠᠮᠵᠢᠭᠤᠯᠤᠨ ᠲᠤᠰᠬᠠᠢ ᠵᠦᠢᠯ ᠤᠨ ᠨᠡᠮᠡᠯᠲᠡ ᠠᠴᠠ ᠰᠠᠭᠤᠯᠭᠠᠨ ᠠᠪᠬᠤ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ ᠡᠳ᠋ᠯᠡᠵᠦ ᠪᠣᠯᠣᠨ᠎ᠠ᠃ ᠭᠠᠶᠢᠯᠢ ᠲᠤᠰᠢᠶᠠᠭᠴᠢ ᠶᠢ 9 ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠠᠴᠠ ᠡᠬᠢᠯᠡᠨ᠂ ᠲᠤᠰᠢᠶᠠᠯ ᠡᠭᠦᠷᠭᠡᠯᠡᠵᠦ ᠬᠥᠯᠥᠰᠦᠯᠡᠭᠳᠡᠭᠰᠡᠨ ᠨᠢᠭᠡᠴᠢ ᠠᠴᠠ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠠᠷᠢᠮᠵᠢᠶ᠎ᠠ ᠪᠠᠷ ᠰᠠᠭᠤᠯᠭᠠᠨ ᠠᠪᠴᠤ ᠪᠣᠯᠣᠨ᠎ᠠ᠂ ᠪᠠᠰᠠ 2023 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠰᠢᠨ᠎ᠡ ᠪᠠᠷᠢᠮᠵᠢᠶ᠎ᠠ ᠪᠠᠷ ᠰᠠᠭᠤᠯᠭᠠᠨ ᠠᠪᠬᠤ ᠪᠠᠷ ᠮᠡᠳᠡᠭᠦᠯᠵᠦ ᠪᠣᠯᠣᠨ᠎ᠠ᠃                              
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2