ᠴᠢ ᠹᠧᠢ ᠶᠦᠨ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠰᠢᠨᠵᠢᠯᠡᠨ ᠪᠠᠶᠢᠴᠠᠭᠠᠪᠠ᠃    ᠵᠦᠩ ᠯᠢᠶᠠᠨ ᠶᠦᠨ ᠭᠠᠩ ᠪᠦᠯᠦᠭᠯᠡᠯ ᠳᠤ᠂ ᠴᠢ ᠹᠧᠢ ᠶᠦᠨ ᠨᠠᠷ ᠪᠦᠯᠦᠭᠯᠡᠯ ᠤᠨ ᠡᠭᠦᠰᠬᠡᠨ ᠪᠠᠶᠢᠭᠤᠯᠤᠭᠴᠢ ᠪᠥᠭᠡᠳ ᠬᠡᠷᠡᠭ ᠮᠡᠳᠡᠭᠴᠢᠳ ᠤᠨ ᠳᠠᠷᠤᠭ᠎ᠠ ᠵᠧᠦ ᠺᠠᠩ ᠲᠠᠢ ᠪᠣᠬᠢᠷᠲᠤᠯ ᠦᠭᠡᠢ ᠣᠶᠣᠨᠲᠤ ᠪᠣᠳᠣᠯᠭ᠎ᠠ ᠶᠢᠨ ᠲᠥᠪ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠭᠰᠡᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ᠃   ᠮᠣᠯ ᠰᠢᠶᠠᠨ ᠴᠧᠩ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠴᠢ ᠹᠧᠢ ᠶᠦᠨ ᠨᠠᠷ ᠮᠣᠯ ᠰᠢᠶᠠᠨ ᠴᠧᠩ ᠤᠨ ᠪᠦᠲᠦᠭᠡᠭᠳᠡᠬᠦᠨ ᠤ ᠣᠶᠤᠨᠴᠢ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠤᠯᠤᠰ ᠲᠠᠭᠠᠨ ᠦᠢᠯᠡᠳᠪᠦᠷᠢᠯᠡᠭᠰᠡᠨ ᠪᠦᠷᠢᠨ ᠴᠢᠳᠠᠪᠤᠷᠢᠲᠤ GPU ᠢᠯᠲᠠᠰᠤ ᠶᠢᠨ ᠡᠮᠦᠨ᠎ᠡ ᠵᠠᠬ᠎ᠠ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠣᠶᠤᠨᠲᠤ ᠪᠣᠳᠣᠯᠭ᠎ᠠ ᠶᠢᠨ ᠲᠥᠪ ᠢ ᠪᠠᠶᠢᠭᠤᠯᠬᠤ ᠲᠦᠷᠦᠯ ᠵᠦᠢᠯ ᠤᠨ ᠲᠤᠬᠠᠢ ᠮᠣᠯ ᠰᠢᠶᠠᠨ ᠴᠧᠩ ᠤᠨ ᠬᠠᠮᠲᠤᠷᠠᠭᠰᠠᠨ ᠡᠭᠦᠰᠬᠡᠨ ᠪᠠᠶᠢᠭᠤᠯᠤᠭᠴᠢ᠂ ᠡᠵᠡᠩᠨᠡᠯᠲᠡ ᠶᠢᠨ ᠳᠠᠷᠤᠭ᠎ᠠ ᠵᠧᠦ ᠶᠤᠸᠠᠨ᠂ ᠲᠣᠭᠠᠴᠢᠯᠠᠭᠰᠠᠨ ᠣᠶᠤᠨᠲᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠨ ᠵᠢᠶᠠᠨ ᠵᠡᠷᠭᠡ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠴᠢ ᠹᠧᠢ ᠶᠦᠨ᠂ ᠤᠯᠠᠭᠠᠨᠴᠠᠪ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠠᠭᠠᠨ ᠲᠦᠰᠢᠭᠯᠡᠨ ︽ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ︾ ᠤᠯᠤᠰ ᠤᠨ ᠪᠣᠳᠣᠯᠭ᠎ᠠ ᠶᠢᠨ ᠬᠦᠴᠦᠨ ᠤ ᠬᠦᠢᠰᠦ ᠴᠡᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠂ ᠪᠢᠳᠡ ᠪᠡᠯᠡ ᠣᠷᠣᠭᠤᠯᠵᠤ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠥᠷᠭᠡᠨ ᠣᠯᠠᠨ ᠠᠵᠤ ᠠᠬᠤᠶᠢᠯᠠᠯᠲᠠᠨ ᠤ ᠪᠡᠯᠡ ᠣᠷᠤᠭᠤᠯᠬᠤ ᠶᠢ ᠰᠠᠨᠠᠭ᠎ᠠ ᠠᠮᠤᠷ᠂ ᠦᠢᠯᠡᠰ ᠴᠣᠭᠴᠠᠯᠠᠬᠤ ᠳᠤ ᠰᠠᠨᠠᠭ᠎ᠠ ᠠᠮᠤᠷ᠂ ᠬᠥᠭᠵᠢᠯᠲᠡ ᠳᠤ ᠤᠷᠤᠭᠰᠢᠲᠠᠢ ᠣᠷᠴᠢᠨ ᠢ ᠪᠣᠢ ᠪᠣᠯᠭᠠᠨ᠎ᠠ ᠭᠡᠵᠦ ᠢᠯᠡᠷᠬᠡᠶᠢᠯᠡᠪᠡ    ᠬᠤᠲᠠ ᠶᠢᠨ ᠳᠡᠳ᠋ ᠳᠠᠷᠤᠭ᠎ᠠ ᠴᠠᠢ ᠶᠤᠸᠠᠢ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2