ᠰᠦᠢ ᠸᠧᠢ ᠵᠢᠶᠦ᠋ᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/21
   9 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠪᠥᠬᠦ ᠬᠤᠲᠠ ᠶᠢᠨ ᠬᠤᠲᠠ ᠬᠥᠳᠡᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃    ᠬᠤᠷᠠᠯ ᠳᠡᠭᠡᠷ᠎ᠡ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠬᠢᠯᠭᠠᠨ ᠬᠠᠩᠭᠠᠬᠤ ᠺᠣᠮᠫᠠᠨᠢ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠣᠰ ᠲᠣᠰ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠰᠦᠢ ᠸᠧᠢ ᠵᠢᠶᠦ᠋ᠨ ᠬᠡᠯᠡᠬᠦ ᠳᠡᠭᠡᠨ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠤᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠪᠦᠬᠦᠢ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠪᠦᠬᠦ ᠬᠤᠳᠠ ᠪᠠᠷ ᠢᠶᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠠᠵᠤ ᠠᠮᠢᠳᠤᠷᠠᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠭᠠᠵᠠᠷ ᠲᠤᠨᠢ ᠬᠢᠨᠠᠨ ᠵᠢᠯᠤᠭᠤᠳᠴᠤ ᠠᠬᠢᠭᠤᠯᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠡᠢ᠃    ᠰᠦᠢ ᠸᠧᠢ ᠵᠢᠶᠦ᠋ᠨ ᠬᠡᠯᠡᠬᠦ ᠳᠡᠭᠡᠨ᠂ ᠡᠮᠦᠨᠡᠬᠢ ᠬᠤᠭᠤᠴᠠᠭᠠᠨ ᠤ ᠪᠡᠯᠡᠳᠬᠡᠯ ᠢ ᠭᠦᠢᠴᠡᠳ ᠪᠥᠭᠡᠳ ᠪᠣᠳᠠᠲᠠᠢ ᠬᠢᠵᠦ᠂ ᠬᠠᠭᠤᠴᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠨ ᠠᠬᠢᠭᠤᠯᠵᠤ᠂ ᠢᠯᠴᠢ ᠬᠠᠩᠭᠠᠬᠤ ᠬᠤᠭᠤᠯᠠᠢ ᠶᠢᠨ ᠲᠣᠣᠷ᠂ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠴᠢᠩᠭᠠᠳᠬᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠤᠨ ᠲᠣᠭᠲᠠᠭᠤᠨ᠂ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ ᠳᠡᠮᠵᠢᠬᠦ ᠳᠤ ᠤᠯᠠᠨ ᠲᠦᠮᠡᠨ ᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠭᠦᠢᠴᠡᠳ ᠲᠠᠶᠢᠴᠢᠯᠠᠨ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠥᠬᠦᠭᠡᠷᠦᠮᠵᠢ ᠤᠭᠰᠠᠷᠠᠬᠤ ᠠᠬᠢᠴᠠ ᠪᠠᠨ ᠲᠦᠷᠭᠡᠳᠬᠡᠵᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠲᠥᠬᠦᠷᠴᠢᠯᠡᠯᠲᠡ ᠶᠢ ᠲᠡᠭᠦᠯᠳᠡᠷᠵᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠦᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠤ ᠲᠣᠬᠢᠷᠠᠭᠤᠯᠤᠨ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ᠂ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃    ᠬᠤᠷᠠᠯ ᠠᠴᠠ ᠪᠠᠰᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠠᠬᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠴᠢᠶᠣᠤ ᠶᠦᠨ ᠯᠢ᠂ ᠶᠦᠨ ᠫᠧᠩ ᠭᠠᠩ᠂ ᠯᠢᠦ ᠭᠦᠸᠧ ᠭᠠᠩ᠂ ᠵᠠᠩ ᠶᠦᠩ ᠸᠧᠨ᠂ ᠢᠦᠢ ᠬᠠᠢ ᠴᠧᠩ ᠣᠷᠣᠯᠴᠠᠵᠠᠢ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2