| | ︽ᠠᠷᠪᠠᠨ ᠳᠥᠷᠪᠡᠳᠤᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠳᠠᠮᠢᠷ ᠤᠨ ᠤᠷᠤᠯᠳᠤᠭᠠᠨ︾ ᠤ ᠬᠡᠰᠡᠭ | ᠤᠷᠤᠯᠳᠤᠭᠠᠨ ᠤ ᠵᠦᠢᠯ ᠢ ᠯᠢᠶᠡᠩᠴᠧᠩ ᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠶᠠᠪᠤᠭᠳᠠᠭᠤᠯᠵᠤ᠂ ᠴᠠᠰᠤ | ᠬᠢᠬᠦ ᠰᠢᠰᠲ᠋ᠧᠮ ᠤᠨ ᠤᠰᠤ ᠶᠢ ᠬᠠᠩᠭᠠᠬᠤ ᠶᠢᠨ ᠲᠥᠯᠥᠭᠡ᠂ ᠤᠰᠤᠨ ᠤ ᠡᠬᠢ ᠪᠠᠶᠠᠯᠢᠭ ᠢ ᠬᠠᠮᠤᠭ ᠶᠡᠭᠡ | ᠬᠡᠮᠵᠢᠶ᠎ᠡ ᠪᠠᠷ ᠬᠠᠮᠠᠭᠠᠯᠠᠵᠤ᠂ 9 ᠰᠠᠷ᠎ᠠ ᠶᠢᠨ 20 ᠤ ᠡᠳᠦᠷ ᠪᠣᠯᠲᠠᠯ᠎ᠠ᠂ ᠯᠢᠶᠡᠩᠴᠧᠩ ᠰᠢᠶᠠᠨ ᠤ ᠴᠠᠰᠤᠨ ᠳᠤ | ᠭᠤᠯᠭᠤᠬᠤ ᠲᠠᠯᠠᠪᠠᠶ ᠶᠢᠨ ᠴᠠᠰᠤ ᠬᠢᠬᠦ ᠳᠤ ᠬᠡᠷᠡᠭᠯᠡᠬᠦ ᠤᠰᠤ ᠬᠠᠳᠠᠭᠠᠯᠠᠬᠤ ᠴᠥᠭᠦᠷᠥᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠶᠠᠭ ᠲᠣᠭᠲᠠᠭᠤᠨ ᠢᠶᠠᠷ ᠠᠬᠢᠵᠤ᠂ ᠴᠠᠰᠤ ᠬᠢᠬᠦ ᠳᠤ ᠬᠡᠷᠡᠭᠯᠡᠬᠦ ᠤᠰᠤ | ᠬᠠᠳᠠᠭᠠᠯᠠᠬᠤ ᠭᠤᠷᠪᠠᠨ ᠴᠥᠭᠦᠷᠥᠮ ᠢ ᠨᠢᠭᠡᠨᠲᠡ ᠠᠩᠬ᠎ᠠ ᠠᠯᠬᠤᠮ ᠬᠡᠪᠴᠢᠶᠡᠵᠢᠭᠦᠯᠵᠦ᠂ ᠤᠰᠤ ᠬᠠᠳᠠᠭᠠᠯᠠᠬᠤ | ᠭᠤᠷᠪᠠᠨ ᠴᠥᠭᠦᠷᠥᠮ ᠤᠨ ᠭᠤᠣᠯ ᠪᠠᠷᠢᠯᠭ᠎ᠠ ᠶᠢ ᠪᠦᠬᠦᠨ ᠢ ᠳᠠᠭᠤᠰᠬᠠᠵᠤ᠂ ᠳᠠᠭᠠᠯᠲᠠ ᠢᠵᠢ ᠪᠦᠷᠢᠳᠦᠭᠦᠯᠬᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠶᠠᠭ ᠬᠢᠵᠦ᠂ ᠬᠥᠭᠡᠷᠭᠡ ᠶᠢᠨ ᠥᠷᠲᠡᠭᠡ᠂ ᠬᠤᠭᠤᠯᠠᠢ ᠶᠢᠨ ᠲᠣᠣᠷ᠂ | ᠬᠥᠮᠥᠨ ᠤ ᠬᠦᠴᠦᠨ ᠪᠠ ᠮᠠᠲ᠋ᠧᠷᠢᠶᠠᠯ ᠢ ᠨᠢᠭᠡᠨᠲᠡ ᠪᠦᠬᠦᠨ ᠢ ᠪᠡᠯᠡᠳᠬᠡᠵᠦ ᠳᠠᠭᠤᠰᠬᠠᠭᠠᠳ᠂ ᠶᠠᠭ ᠵᠣᠬᠢᠶᠠᠨ | ᠪᠠᠶᠢᠭᠤᠯᠵᠤ ᠪᠠᠷᠢᠯᠭ᠎ᠠ ᠪᠠᠷᠢᠵᠤ ᠪᠠᠶᠢᠨ᠎ᠠ᠃ | ᠯᠢᠶᠡᠩᠴᠧᠩ ᠰᠢᠶᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤ ᠬᠢᠬᠦ ᠳᠤ ᠬᠡᠷᠡᠭᠯᠡᠬᠦ ᠤᠰᠤ | ᠬᠠᠳᠠᠭᠠᠯᠠᠬᠤ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ 3500 ᠲᠦᠮᠡᠨ | ᠲᠥᠭᠦᠷᠢᠭ ᠤᠨ ᠪᠡᠯᠡ ᠣᠷᠣᠭᠤᠯᠤᠨ᠎ᠠ᠃ 9 ᠰᠠᠷ᠎ᠠ ᠶᠢᠨ 20 ᠤ ᠡᠳᠦᠷ ᠪᠣᠯᠲᠠᠯ᠎ᠠ᠂ ᠤᠰᠤ ᠬᠠᠳᠠᠭᠠᠯᠠᠬᠤ | ᠲᠠᠲᠠᠭᠠᠯ ᠤᠨ ᠰᠢᠷᠣᠢ ᠶᠢ 12 ᠲᠦᠮᠡᠨ ᠪᠣᠰᠤᠭ᠎ᠠ ᠳᠥᠷᠪᠡᠯᠵᠢᠨ ᠮᠧᠲᠷ ᠮᠠᠯᠲᠠᠵᠤ᠂ ᠭᠠᠭᠴᠠ ᠰᠠᠭᠤᠷᠢ ᠤᠰᠤ | ᠬᠠᠳᠠᠭᠠᠯᠠᠬᠤ ᠲᠠᠲᠠᠭᠠᠯ ᠤᠨ ᠣᠷᠳᠣ ᠨᠢ ᠪᠠᠷᠤᠭ 45 ︱ 50 ᠮᠧᠲᠷ᠂ ᠥᠷᠭᠡᠨ ᠨᠢ ᠪᠠᠷᠤᠭ 40 ︱ 45 | ᠮᠧᠲᠷ᠂ ᠥᠨᠳᠥᠷ ᠨᠢ 6.5 ᠮᠧᠲᠷ ᠪᠠᠶᠢᠵᠤ᠂ ᠶᠡᠷᠦᠩᠬᠡᠢ ᠤᠰᠤ ᠬᠠᠳᠠᠭᠠᠯᠠᠬᠤ ᠬᠡᠮᠵᠢᠶ᠎ᠡ ᠨᠢ 45000 ᠪᠣᠰᠤᠭ᠎ᠠ | ᠳᠥᠷᠪᠡᠯᠵᠢᠨ ᠮᠧᠲᠷ ᠲᠤ ᠭᠥᠷᠳᠡᠭ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠴᠠᠰᠤᠨ ᠳᠤ ᠭᠤᠯᠭᠤᠬᠤ ᠲᠠᠯᠠᠪᠠᠶ ᠶᠢᠨ ᠡᠯ᠎ᠡ ᠵᠦᠢᠯ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠴᠢᠳᠠᠬᠤ ᠪᠠᠷ | ᠪᠠᠷᠠᠬᠤ ᠦᠭᠡᠢ ᠪᠠᠰᠠ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠠᠲᠤᠯᠠᠵᠤ᠂ ᠴᠠᠰᠤ | ᠭᠠᠷᠭᠠᠬᠤ ᠳᠤ ᠤᠰᠤ ᠬᠡᠷᠡᠭᠯᠡᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠤᠣᠰ ᠠᠮᠵᠢᠯᠲᠠ ᠶᠢ | ᠪᠡᠶᠡᠯᠡᠭᠦᠯᠵᠦ ᠴᠢᠳᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |