ᠰᠠᠨᠰᠢᠶᠠ ᠶᠢᠨ ᠡᠨᠧᠷᠭᠢ ᠶᠢᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠦᠭᠡᠢ ᠴᠠᠬᠢᠯᠭᠠᠨ ᠥᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ 170 ᠲᠦᠮᠡᠨ ᠺᠢᠯᠣᠸᠠᠲ ᠤᠨ ᠰᠠᠯᠬᠢᠨ ᠬᠦᠴᠦᠨ ᠤ ᠮᠠᠰᠢᠨ ᠢ ᠪᠦᠬᠦᠨ ᠢ ᠳᠡᠭᠦᠵᠢᠯᠡᠨ ᠤᠭᠰᠠᠷᠠᠵᠤ ᠳᠠᠭᠤᠰᠬᠠᠪᠠ
ᠨᠡᠶᠢᠲᠡᠯᠡᠭᠰᠡᠨ ᠴᠠᠭ᠄
2023/9/22
    9 ᠰᠠᠷ᠎ᠠ ᠶᠢᠨ 16 ᠤ ᠡᠳᠦᠷ᠂ 2-B21 ᠮᠠᠰᠢᠨ ᠤ ᠪᠠᠶᠢᠷᠢ ᠶᠢᠨ 133 ᠲᠣᠨ ᠬᠦᠨᠳᠦ ᠰᠠᠯᠬᠢᠨ ᠬᠦᠴᠦᠨ ᠤ ᠮᠠᠰᠢᠨ ᠤ ᠳᠡᠯᠪᠢᠲᠦ ᠬᠦᠷᠳᠦ ᠶᠢ ᠵᠠᠭᠤᠨ ᠮᠧᠲᠷ ᠤᠨ ᠥᠨᠳᠥᠷ ᠣᠭᠲᠠᠷᠭᠤᠢ ᠳᠤ ᠠᠮᠵᠢᠯᠲᠠ ᠲᠠᠢ ᠪᠠᠷ ᠨᠢᠰᠬᠡᠯ ᠤᠨ ᠥᠷᠥᠭᠡ ᠲᠠᠢ ᠵᠣᠯᠭᠠᠭᠤᠯᠬᠤ ᠶᠢ ᠳᠠᠭᠠᠯᠳᠤᠨ᠂ ᠰᠠᠨᠰᠢᠶᠠ ᠶᠢᠨ ᠡᠨᠧᠷᠭᠢ ᠶᠢᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠦᠭᠡᠢ ᠴᠠᠬᠢᠯᠭᠠᠨ ᠥᠷᠲᠡᠭᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ︵ᠳᠣᠷᠣᠭᠰᠢ ︽ᠪᠣᠬᠢᠷᠲᠤᠯ ᠦᠭᠡᠢ ᠴᠠᠬᠢᠯᠭᠠᠨ ᠥᠷᠲᠡᠭᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ︾ ᠭᠡᠵᠦ ᠲᠣᠪᠴᠢᠯᠠᠨ᠎ᠠ︶ ᠤᠨ 170 ᠲᠦᠮᠡᠨ ᠺᠢᠯᠣᠸᠠᠲ ᠤᠨ ᠰᠠᠯᠬᠢᠨ ᠬᠦᠴᠦᠨ ᠤ ᠮᠠᠰᠢᠨ ᠢ ᠪᠦᠬᠦᠨ ᠢ ᠳᠡᠭᠦᠵᠢᠯᠡᠨ ᠤᠭᠰᠠᠷᠠᠬᠤ ᠶᠢ ᠪᠡᠶᠡᠯᠡᠭᠦᠯᠪᠡ᠂ ᠡᠨᠡ ᠨᠢ ᠪᠥᠬᠦ ᠳᠡᠯᠡᠬᠡᠢ ᠶᠢᠨ ᠬᠠᠮᠤᠭ ᠤᠨ ᠲᠣᠮᠣ ︽ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠠᠰᠠ ᠨᠢᠭᠡᠨ ᠴᠢᠬᠤᠯᠠ ᠵᠠᠩᠭᠢᠯᠠᠭ᠎ᠠ ᠶᠢᠨ ᠴᠡᠭ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃     ᠪᠣᠬᠢᠷᠲᠤᠯ ᠦᠭᠡᠢ ᠴᠠᠬᠢᠯᠭᠠᠨ ᠦᠷᠳᠡᠭᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 200 ᠲᠦᠮᠡᠨ ᠺᠢᠯᠣᠸᠠᠲ ᠲᠤ ᠬᠦᠷᠴᠦ᠂ ᠪᠦᠬᠦ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ ︽ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯᠣᠨ᠎ᠠ᠂ ᠪᠦᠬᠦ ᠤᠯᠤᠰ ᠤᠨ ᠠᠩᠬᠠᠳᠠᠭᠴᠢ ︽ᠴᠠᠬᠢᠯᠭᠠᠨ ‍ᠣ‌‍ᠰᠤᠷᠪᠤᠯᠵᠢ ᠲᠣᠣᠷ ᠳᠠᠭᠠᠭᠠᠴᠠ ᠨᠥᠭᠡᠴᠡ︾ ᠲᠦᠷᠦᠯ ᠵᠦᠢᠯ᠂ ᠠᠩᠬᠠᠳᠠᠭᠴᠢ ᠡᠨᠧᠷᠭᠢ ᠬᠠᠳᠠᠭᠠᠯᠠᠬᠤ ᠲᠣᠬᠢᠷᠠᠭᠤᠯᠤᠯᠲᠠ ᠶᠢᠨ ᠬᠡᠪᠴᠢᠶ᠎ᠡ ᠨᠢ ᠮᠢᠩᠭᠠᠨ ᠰᠠᠶ᠎ᠠ ᠸᠠᠲ ᠤᠨ ᠴᠠᠭ ᠲᠤ ᠬᠦᠷᠦᠭᠰᠡᠨ ᠰᠢᠨ᠎ᠡ ᠡᠨᠧᠷᠭᠢ ᠶᠢᠨ ᠲᠠᠯᠠᠪᠤᠷ ᠦᠷᠳᠡᠭᠡ ᠪᠣᠯᠣᠨ᠎ᠠ᠂ ︽2022 ᠣᠨ ᠤ ᠴᠠᠬᠢᠯᠭᠠᠨ ᠬᠦᠴᠦᠨ ᠤ ᠠᠵᠢᠯ ᠲᠦᠷᠦᠯ ᠤᠨ ᠵᠢᠱᠢᠶ᠎ᠡ ᠦᠵᠡᠭᠦᠯᠬᠦ ᠢᠨᠵᠧᠨᠧᠷᠢᠩ︾ ᠢ ᠢᠷᠠᠭᠤ ᠠᠯᠳᠠᠷᠲᠠᠢ ᠪᠠᠷ ᠬᠦᠯᠢᠶᠡᠨ ᠠᠪᠴᠠᠢ᠃ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠦᠭᠡᠢ ᠴᠠᠬᠢᠯᠭᠠᠨ ᠥᠷᠲᠡᠭᠡᠨ ᠤ ᠣᠶᠤᠨᠴᠢ ᠬᠠᠮᠲᠤᠷᠠᠭᠰᠠᠨ ᠲᠥᠪᠯᠡᠷᠡᠭᠦᠯᠦᠨ ᠡᠵᠡᠮᠳᠡᠬᠦ ᠲᠥᠪ ᠤᠨ ︽ᠲᠥᠪ ᠲᠠᠷᠢᠬᠢ︾ ᠶᠢ ᠰᠤᠳᠤᠯᠤᠨ ᠨᠡᠭᠡᠭᠡᠬᠦ ᠪᠠᠷ ᠳᠡᠮᠵᠢᠨ᠂ ︽ᠣᠶᠤᠨᠴᠢ ᠲᠣᠬᠢᠷᠠᠭᠤᠯᠤᠯ ᠡᠵᠡᠮᠳᠡᠯ︾᠂ ︽ᠣᠶᠤᠨᠴᠢ ᠠᠵᠢᠯᠯᠠᠭᠤᠯᠵᠤ ᠪᠠᠲᠤᠯᠠᠬᠤ︾ ᠬᠤᠶᠠᠷ ᠴᠢᠭᠯᠡᠯ ᠳᠤ ᠰᠠᠭᠤᠷᠢᠯᠠᠵᠤ ᠨᠡᠭᠡᠭᠡᠨ ᠬᠥᠭᠵᠢᠭᠦᠯᠦᠭᠰᠡᠨ ᠣᠶᠤᠨᠴᠢ ᠬᠠᠮᠲᠤᠷᠠᠭᠰᠠᠨ ᠲᠥᠪᠯᠡᠷᠡᠭᠦᠯᠦᠨ ᠡᠵᠡᠮᠳᠡᠬᠦ ᠠᠵᠢᠯᠯᠠᠭᠤᠯᠵᠤ ᠪᠠᠲᠤᠯᠠᠬᠤ ᠰᠢᠰᠲ᠋ᠧᠮ ᠨᠢ  ᠰᠠᠯᠬᠢ ᠬᠡᠷᠡᠯ ᠤᠨ ᠨᠥᠭᠡᠴᠡ ᠶᠢᠨ ᠴᠠᠬᠢᠯᠭᠠᠨ ᠦᠷᠳᠡᠭᠡ ᠶᠢᠨ ᠤᠷᠬᠢᠯ᠂ ᠰᠡᠯᠭᠦᠭᠡ ᠳᠠᠪᠲᠠᠮᠵᠢ᠂ ᠬᠡᠶᠢᠰᠪᠦᠷᠢ ᠢᠨᠧᠷᠼᠢ ᠶᠢᠨ ᠬᠡᠮᠵᠢᠶ᠎ᠡ ᠵᠡᠷᠭᠡ ᠲᠣᠣᠷ ᠲᠤ ᠨᠡᠶᠢᠯᠡᠭᠦᠯᠬᠦ ᠨᠥᠬᠦᠷᠰᠡᠭ ᠣᠨᠴᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠣᠬᠢᠷᠲᠤᠯ ᠦᠭᠡᠢ ᠴᠠᠬᠢᠯᠭᠠᠨ ᠦᠷᠳᠡᠭᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠤᠯᠤᠰ ᠤᠨ ᠳᠣᠲᠣᠭᠠᠳᠤ ᠶᠢᠨ ᠠᠩᠬᠠᠳᠠᠭᠴᠢ ᠰᠠᠯᠬᠢ ᠬᠡᠷᠡᠯ ᠤᠨ ᠨᠥᠭᠡᠴᠡ ᠶᠢᠨ ᠲᠠᠯᠠᠪᠠᠢ ᠦᠷᠳᠡᠭᠡ ᠶᠢ ᠨᠢᠭᠡ ᠴᠣᠭᠴᠠᠵᠢᠭᠤᠯᠤᠭᠰᠠᠨ ᠣᠶᠤᠨᠴᠢ ᠲᠣᠬᠢᠷᠠᠭᠤᠯᠭ᠎ᠠ ᠶᠢ ᠪᠡᠶᠡᠯᠡᠭᠦᠯᠦᠭᠰᠡᠨ ᠰᠢᠨ᠎ᠡ ᠡᠨᠧᠷᠭᠢ ᠶᠢᠨ ᠲᠦᠷᠦᠯ ᠵᠦᠢᠯ ᠪᠣᠯᠭᠠᠭᠰᠠᠨ ᠪᠠᠶᠢᠨ᠎ᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2