ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠲᠠᠪᠤᠳᠤᠭᠠᠷ ᠬᠤᠭᠤᠴᠠᠭᠠᠨ ᠤ 20 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/22
   9 ᠰᠠᠷ᠎ᠠ ᠶᠢᠨ 21 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠬᠤᠸ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 10 ᠳ᠋ᠤᠭᠠᠷ ᠤᠳᠠᠭᠠᠨ ᠤ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠲᠠᠪᠤᠳᠤᠭᠠᠷ ᠬᠤᠭᠤᠴᠠᠭᠠᠨ ᠤ 20 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠴᠢᠬᠤᠯᠠ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠳᠦᠷᠢᠮ ᠪᠣᠯᠣᠨ ᠠᠵᠢᠯ ᠤᠨ ᠳᠦᠷᠢᠮ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠣᠮᠣ ᠶᠠᠪᠤᠳᠠᠯ ᠲᠠᠢ ᠨᠢᠭᠲᠠ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠪᠠᠶᠢᠴᠠᠭᠠᠨ ᠦᠵᠡᠵᠦ ᠰᠢᠨᠵᠢᠯᠡᠨ ᠪᠠᠶᠢᠴᠠᠭᠠᠬᠤ᠂ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠪᠠᠳᠠᠨ ᠰᠢᠢᠳᠪᠦᠷᠢᠯᠡᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠵᠡᠷᠭᠡ ᠪᠠᠷ ᠳᠠᠮᠵᠢᠭᠤᠯᠤᠨ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠣᠳᠠᠲᠠᠢ ᠶᠢ ᠡᠷᠬᠢᠮᠯᠡᠭᠰᠡᠨ ᠪᠥᠭᠡᠳ ᠶᠠᠪᠤᠭᠳᠠᠭᠤᠰᠢᠲᠠᠢ ᠠᠷᠭᠠᠴᠠᠬᠤ ᠪᠣᠳᠣᠯᠭ᠎ᠠ ᠳᠤᠷᠠᠳᠴᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠦᠷᠭᠡᠨ ᠪᠡᠶᠡᠯᠡᠭᠦᠯᠬᠦ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠡᠭᠦᠷ ᠢᠶᠠᠷ ᠨᠢᠭᠡᠴᠢ ᠪᠣᠯᠭᠠᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠨᠠᠮ ᠤᠨ ᠭᠡᠰᠢᠭᠦᠨ ᠺᠠᠳ᠋ᠷ ᠪᠣᠯᠣᠨ ᠨᠠᠮ ᠤᠨ ᠭᠡᠰᠢᠭᠦᠨ ᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠠᠭᠤᠯᠭ᠎ᠠ ᠶᠢ ᠲᠣᠳᠣᠷᠬᠠᠢ ᠪᠣᠯᠭᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠠᠮᠢᠳᠤᠯᠢᠭ ᠰᠣᠷᠭᠤᠭ᠂ ᠪᠣᠳᠠᠲᠠᠢ ᠶᠢ ᠡᠷᠬᠢᠮᠯᠡᠨ ᠦᠢᠯᠡᠳᠦᠯᠭᠡᠵᠢᠭᠦᠯᠬᠦ ᠠᠷᠭ᠎ᠠ ᠶᠢ ᠠᠪᠴᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠮᠰᠠᠷᠠᠵᠤ᠂ ᠠᠷᠭ᠎ᠠ ᠤᠬᠠᠭᠠᠨ ᠭᠠᠷᠭᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠥᠪᠯᠡᠬᠦ ᠮᠠᠶ᠋ᠢᠭ ᠤᠨ ᠬᠢᠨᠠᠯᠲᠠ ᠲᠠᠯᠪᠢᠯᠲᠠ ᠪᠠᠷ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠰᠡᠳᠦᠪ ᠢ ᠮᠥᠷᠳᠡᠨ ᠨᠠᠶᠢᠳᠠᠪᠤᠷᠢᠵᠢᠭᠤᠯᠵᠤ᠂ ᠴᠠᠭ ᠤᠨ ᠵᠠᠩᠭᠢᠶᠠᠰᠤ ᠶᠢ ᠴᠢᠩᠭ᠎ᠠ ᠠᠳᠬᠤᠨ ᠣᠨ ᠤ ᠭᠤᠣᠯᠳᠠᠯᠭ᠎ᠠ ᠲᠠᠢ ᠠᠵᠢᠯ ᠢᠶᠠᠨ ᠠᠬᠢᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2