ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠠᠨ ᠬᠤᠷᠠᠯᠳᠤᠭᠤᠯᠵᠤ ︽ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠶᠢ ᠴᠢᠩᠭᠠᠳᠬᠠᠨ  ᠲᠡᠰ ᠲᠥᠷᠥᠯ ᠬᠤᠪᠢᠶᠠᠨ ᠨᠡᠶᠢᠭᠡᠮ ᠤᠨ ᠲᠤᠰᠠᠯᠠᠯᠲᠠ ᠶᠢ ᠰᠠᠶᠢᠲᠤᠷ ᠬᠢᠬᠦ ᠲᠤᠬᠠᠢ ᠰᠠᠨᠠᠯ︾ ᠵᠡᠷᠭᠡ ᠶᠢ ᠶᠠᠷᠢᠯᠴᠠᠵᠤ ᠪᠠᠲᠤᠯᠠᠪᠠ
ᠨᠡᠶᠢᠲᠡᠯᠡᠭᠰᠡᠨ ᠴᠠᠭ᠄
2023/9/25
     ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 10 ᠤ ᠡᠳᠦᠷ ᠤᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 10 ᠳ᠋ᠤᠭᠠᠷ ᠰᠠᠷ᠎ᠠ ᠶᠢᠨ 10 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠶᠢ ᠴᠢᠩᠭᠠᠳᠬᠠᠨ  ᠲᠠᠰ ᠲᠥᠷᠥᠯ ᠬᠤᠪᠢᠶᠠᠨ ᠨᠡᠶᠢᠭᠡᠮ ᠤᠨ ᠲᠤᠰᠠᠯᠠᠯᠲᠠ ᠶᠢ ᠰᠠᠶᠢᠲᠤᠷ ᠬᠢᠬᠦ ᠲᠤᠬᠠᠢ ᠰᠠᠨᠠᠯ︾᠂ ︽ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠠᠵᠢᠯᠯᠠᠭ᠎ᠠ ᠶᠢᠨ ᠲᠥᠰᠥᠯ︾ ᠪᠠ ︽ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠲᠤᠰᠬᠠᠢ ᠠᠵᠢᠯᠯᠠᠭ᠎ᠠ ᠶᠢᠨ ᠲᠥᠰᠥᠯ ︵2023 – 2025 ᠣᠨ︶︾ ᠢ ᠶᠠᠷᠢᠯᠴᠠᠵᠤ ᠪᠠᠲᠤᠯᠠᠪᠠ᠃      ᠬᠤᠷᠠᠯ ᠳᠤ᠂ ᠨᠡᠶᠢᠭᠡᠮ ᠤᠨ ᠲᠤᠰᠠᠯᠠᠯᠲᠠ ᠪᠣᠯ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠳᠠᠬᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠶᠢ ᠴᠢᠩᠭᠠᠳᠬᠠᠨ᠂ ᠨᠡᠶᠢᠭᠡᠮ ᠤᠨ ᠲᠤᠰᠠᠯᠠᠯᠲᠠ ᠶᠢ ᠨᠠᠩ ᠣᠨᠣᠪᠴᠢᠲᠠᠢ᠂ ᠴᠠᠭ ᠲᠤᠬᠠᠢ ᠳᠤ ᠨᠢ᠂ ᠪᠦᠲᠦᠮᠵᠢᠲᠡᠶ ᠰᠠᠶᠢᠲᠤᠷ ᠬᠢᠵᠦ᠂ ᠪᠥᠬᠦ ᠲᠠᠯ᠎ᠠ ᠶᠢ ᠬᠠᠮᠤᠷᠤᠭᠰᠠᠨ᠂ ᠲᠠᠰ ᠲᠥᠷᠥᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ ᠲᠤᠰᠠᠯᠠᠯᠲᠠ ᠶᠢᠨ ᠪᠠᠶᠢᠷᠢᠰᠢᠯ ᠢ ᠲᠦᠷᠭᠡᠪᠴᠢᠯᠡᠨ ᠪᠦᠲᠦᠭᠡᠵᠦ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠠᠩ ᠨᠢᠭᠲᠠ᠂ ᠨᠠᠩ ᠪᠠᠲᠤ ᠰᠦᠯᠵᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠭᠠᠮᠰᠢᠭᠳᠠᠭᠰᠠᠨ ᠵᠡᠷᠭᠡ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠵᠦᠢᠯ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠡᠯ᠎ᠡ ᠲᠦᠷᠦᠯ ᠤᠨ ᠲᠤᠰᠠᠯᠠᠯᠲᠠ ᠶᠢᠨ ᠮᠥᠩᠭᠦ᠂ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤ  ᠨᠢ ᠭᠦᠢᠴᠡᠳ ᠲᠠᠷᠬᠠᠭᠠᠨ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠲᠠᠪᠤᠲᠠᠢ ᠰᠠᠶᠢᠬᠠᠨ ᠡᠪᠦᠯᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠬᠥᠭᠵᠢᠭᠦᠯᠬᠦ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠠᠶᠢᠵᠤ᠂ ᠭᠡᠷ ᠲᠤ ᠪᠠᠨ ᠰᠠᠭᠤᠵᠤ ᠨᠡᠶᠢᠭᠡᠮ ᠲᠣᠭᠤᠷᠢᠭ ᠢᠶᠠᠷ ᠠᠰᠠᠷᠠᠭᠤᠯᠬᠤ ᠶᠢ ᠳᠡᠮᠵᠢᠬᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠪᠣᠯᠣᠨ᠎ᠠ᠃ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠬᠥᠭᠵᠢᠭᠦᠯᠬᠦ ᠶᠢ ᠠᠷᠠᠳ ᠲᠤ ᠪᠣᠳᠠᠲᠠᠢ ᠠᠵᠢᠯ ᠬᠢᠬᠦ ᠶᠢᠨ ᠴᠢᠬᠤᠯᠠ ᠠᠭᠤᠯᠭ᠎ᠠ ᠪᠣᠯᠭᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠮᠥᠷᠲᠡᠭᠡᠨ ᠯᠠᠪᠳᠠᠭᠤᠨ᠂ ᠲᠤᠬᠠᠢ ᠭᠠᠵᠠᠷ ᠲᠤ ᠨᠢ ᠵᠣᠬᠢᠴᠠᠭᠤᠯᠤᠨ ᠬᠥᠭᠵᠢᠭᠦᠯᠵᠦ᠂ ᠬᠡᠯᠪᠡᠶᠢᠯᠭᠡᠬᠦ ᠴᠢᠨᠠᠷᠲᠠᠢ ᠠᠷᠭ᠎ᠠ ᠪᠠᠷ ᠬᠥᠳᠡᠭᠡ ᠲᠣᠰᠬᠤᠨ ᠤ ᠦᠢᠯᠡᠴᠢᠯᠡᠭᠡᠨ ᠤ ᠬᠠᠩᠭᠠᠯᠭ᠎ᠠ ᠪᠠᠨ ᠥᠷᠭᠡᠳᠬᠡᠬᠦ ᠶᠢ ᠨᠢ ᠳᠡᠮᠵᠢᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠶᠢᠲᠤᠷ ᠬᠠᠮᠵᠢᠯᠴᠠᠨ᠂ ᠬᠦᠴᠦᠨ ᠢᠶᠠᠨ ᠨᠢᠭᠡᠳᠬᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠂ ᠲᠤᠰᠬᠠᠢ ᠠᠰᠢᠭ ᠤᠨ ᠦᠷᠳᠡᠭ ᠢ ᠭᠦᠢᠴᠡᠳ ᠠᠭᠤᠳᠠᠯᠵᠤ᠂ ᠲᠤᠰᠬᠠᠢ ᠠᠰᠢᠭ ᠬᠤᠷᠠᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ᠎ᠠ᠃ ᠲᠤᠰᠬᠠᠢ ᠠᠰᠢᠭ ᠤᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠴᠢᠩᠭᠠᠳᠬᠠᠬᠤ ᠬᠤᠶᠠᠷ ᠲᠠᠯ᠎ᠠ ᠠᠴᠠ ᠬᠦᠴᠦᠯᠡᠵᠦ᠂ ᠪᠣᠳᠠᠲᠤ ᠬᠡᠷᠡᠭᠴᠡᠭᠡᠨ ᠤ ᠳᠤᠮᠳᠠ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠠᠰᠠᠭᠤᠳᠠᠯ ᠢ ᠪᠣᠯᠪᠠᠰᠤᠷᠠᠭᠤᠯᠬᠤ ᠶᠢᠨ ᠬᠠᠮᠲᠤ ᠪᠡᠷᠬᠡ ᠰᠡᠳᠦᠪ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠲᠤᠰᠬᠠᠢ ᠠᠰᠢᠭ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠳᠤ ᠠᠰᠢᠭᠲᠠᠢ ᠳᠦᠷᠢᠮ ᠤᠨ ᠲᠣᠬᠢᠷᠠᠭᠤᠯᠤᠯᠲᠠ ᠪᠠ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠶᠢᠨ ᠵᠠᠩᠭᠢᠯᠠᠭ᠎ᠠ ᠶᠢᠨ ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠤᠯᠠᠮ ᠰᠢᠯᠢᠳᠡᠭᠵᠢᠭᠦᠯᠵᠦ᠂ ᠰᠠᠶᠢᠨ ᠰᠠᠶᠢᠬᠠᠨ ᠠᠮᠢ ᠠᠬᠤᠢ ᠶᠢ ᠪᠣᠢ ᠪᠣᠯᠭᠠᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2