ᠴᠢᠭᠤᠯᠤᠯᠲᠤ ᠬᠠᠭᠠᠯᠭ᠎ᠠ ᠬᠤᠳᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠳᠠ ᠳᠤ ᠢᠷᠡᠵᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2023/9/25
   9 ᠰᠠᠷ᠎ᠠ ᠶᠢᠨ 24 ᠤ ᠡᠳᠦᠷ᠂ ᠴᠢᠭᠤᠯᠤᠯᠲᠤ ᠬᠠᠭᠠᠯᠭ᠎ᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠤᠤ ᠸᠧᠨ ᠹᠧᠩ ᠴᠢᠭᠤᠯᠤᠯᠲᠤ ᠬᠠᠭᠠᠯᠭ᠎ᠠ ᠬᠤᠳᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠮᠠᠨ ᠤ ᠬᠤᠳᠠ ᠳᠤ ᠰᠢᠨᠵᠢᠯᠡᠨ ᠪᠠᠶᠢᠴᠠᠭᠠᠵᠤ ᠰᠤᠷᠤᠯᠴᠠᠵᠤ᠂ ᠬᠤᠶᠠᠷ ᠭᠠᠵᠠᠷ ᠤᠨ ᠨᠥᠬᠦᠷᠯᠡᠯ ᠢ ᠬᠠᠮᠲᠤᠪᠠᠷ ᠶᠠᠷᠢᠯᠴᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠬᠠᠮᠲᠤᠪᠠᠷ ᠵᠥᠪᠳᠡᠯᠴᠡᠵᠦ᠂ ᠬᠠᠮᠵᠢᠯᠴᠠᠨ ᠬᠥᠭᠵᠢᠬᠦ ᠶᠢ ᠬᠠᠮᠲᠤᠪᠠᠷ ᠰᠦᠪᠡᠭᠴᠢᠯᠡᠪᠡ᠃    ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠵᠡᠷᠭᠡ ᠬᠤᠳᠠ ᠶᠢᠨ ᠤᠳᠤᠷᠢᠳᠤᠯᠭ᠎ᠠ ᠬᠠᠮᠲᠤ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠥᠪᠥᠷ ᠮᠣᠩᠭᠤᠯ ᠤᠨ ᠵᠢᠩ ᠰᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠺᠣᠮᠫᠠᠨᠢ ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠼᠦᠨ ᠲᠣᠰᠬᠤᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠱᠤ᠋ ᠳ᠋ᠦ᠋ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ᠂ ᠤᠯᠠᠭᠠᠨᠴᠠᠪ ᠤᠨ ᠳ᠋ᠦᠩ ᠶᠠᠩ ᠭᠤᠸᠠᠩ ᠬᠢᠮᠢ ᠶᠢᠨ ᠴᠠᠭᠠᠰᠤ ᠬᠢᠬᠦ ᠬᠢᠵᠠᠭᠠᠷᠲᠤ ᠺᠣᠮᠫᠠᠨᠢ᠂ ᠬᠤᠸᠠ ᠸᠧᠢ ᠡᠭᠦᠯᠡᠨ ᠪᠣᠳᠣᠯᠲᠠ ᠶᠢᠨ ᠲᠤᠭ᠎ᠠ ᠪᠠᠷᠢᠮᠲᠠ ᠶᠢᠨ ᠲᠥᠪ᠂  ᠰᠠᠨᠰᠢᠶᠠ ᠣᠳᠣ ᠦᠶ᠎ᠡ ᠶᠢᠨ ᠡᠨᠧᠷᠭᠢ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ᠂ ᠶᠦᠨ ᠳ᠋ᠡ ᠬᠤᠪᠢ ᠣᠷᠣᠭᠤᠯᠤᠭᠰᠠᠨ ᠤᠮᠠᠷᠠᠲᠤ ᠶᠢᠨ ᠶᠡᠷᠦᠩᠬᠡᠢ ᠭᠠᠵᠠᠷ ︵ᠤᠯᠠᠭᠠᠨᠴᠠᠪ︶ ᠤᠨ ᠠᠵᠤ ᠦᠢᠯᠡᠰ ᠤᠨ ᠰᠠᠭᠤᠷᠢᠨ᠂ ᠬᠤᠩ ᠹᠦ᠋ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ ᠮᠠᠨ ᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠲᠣᠮᠣ ᠳ᠋ᠠᠶᠢᠲ᠋ᠠ ᠶᠢᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠡᠭᠡᠳᠦ ᠬᠡᠮᠵᠢᠶ᠎ᠡ ᠪᠠᠷ ᠦᠨᠡᠯᠡᠪᠡ᠃    ᠰᠦᠢ ᠸᠧᠢ ᠵᠢᠶᠦ᠋ᠨ ᠴᠢᠭᠤᠯᠤᠯᠲᠤ ᠬᠠᠭᠠᠯᠭ᠎ᠠ ᠬᠤᠳᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠴᠢᠭᠤᠯᠤᠯᠲᠤ ᠬᠠᠭᠠᠯᠭ᠎ᠠ ᠬᠤᠲᠠ ᠪᠣᠯᠣᠨ ᠤᠯᠠᠭᠠᠨᠴᠠᠪ ᠬᠤᠲᠠ ᠶᠢᠨ ᠭᠠᠵᠠᠷ ᠨᠤᠲᠤᠭ ᠣᠶᠢᠷᠠᠯᠴᠠᠭ᠎ᠠ᠂ ᠰᠣᠶᠣᠯ ᠢᠷᠭᠡᠨᠰᠢᠯ ᠤᠨ ᠬᠠᠷᠢᠴᠠᠭ᠎ᠠ ᠳᠣᠲᠣᠨᠣ᠂ ᠶᠠᠪᠤᠯᠴᠠᠭ᠎ᠠ ᠨᠢᠭᠲᠠ ᠪᠠᠶᠢᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠨᠢ ᠮᠠᠰᠢ ᠥᠨᠳᠥᠷ ᠬᠠᠮᠵᠢᠯᠴᠠᠬᠤ ᠴᠢᠨᠠᠷ ᠪᠠ ᠬᠠᠷᠢᠯᠴᠠᠨ ᠨᠥᠬᠦᠪᠦᠷᠢᠯᠡᠬᠦ ᠴᠢᠨᠠᠷ ᠲᠠᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠮᠠᠰᠢ ᠥᠷᠭᠡᠨ ᠠᠭᠤᠳᠠᠮ ᠪᠠᠶᠢᠳᠠᠭ᠃ ᠬᠤᠶᠠᠷ ᠭᠠᠵᠠᠷ ᠤᠨ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠶᠢ ᠴᠢᠩᠭᠠᠳᠬᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠠᠭᠤᠳᠠᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠬᠠᠮᠲᠤᠷᠠᠯᠴᠠᠨ ᠬᠥᠭᠵᠢᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠡᠢ᠃    ᠵᠣᠣ ᠸᠧᠨ ᠹᠧᠩ ᠢᠯᠡᠷᠬᠡᠶᠢᠯᠡᠬᠦ ᠳᠡᠭᠡᠨ᠂ ᠲᠣᠰ ᠤᠳᠠᠭ᠎ᠠ ᠰᠢᠨᠵᠢᠯᠡᠨ ᠪᠠᠶᠢᠴᠠᠭᠠᠵᠤ ᠰᠤᠷᠤᠯᠴᠠᠭᠠᠳ ᠮᠠᠰᠢ ᠶᠡᠭᠡ ᠠᠮᠵᠢᠯᠲᠠ ᠲᠠᠢ᠂ ᠭᠦᠨ ᠰᠡᠩᠬᠡᠷᠡᠭᠦᠯᠦᠯ ᠣᠯᠣᠭᠰᠠᠨ ᠪᠠᠶᠢᠨ᠎ᠠ᠂ ᠢᠯᠠᠩᠭᠤᠶ᠎ᠠ ᠤᠯᠠᠭᠠᠨᠴᠠᠪ ᠬᠤᠲᠠ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠭᠠᠷᠭᠠᠵᠠᠢ᠂ ᠡᠲᠡᠭᠡᠷ ᠰᠠᠶᠢᠨ ᠲᠤᠷᠰᠢᠯᠭ᠎ᠠ ᠪᠠ ᠰᠠᠶᠢᠨ ᠠᠷᠭ᠎ᠠ ᠬᠢᠳᠡᠯ ᠢ ᠴᠥᠮ ᠴᠢᠭᠤᠯᠤᠯᠲᠤ ᠬᠠᠭᠠᠯᠭ᠎ᠠ ᠬᠤᠲᠠ ᠶᠢᠨ ᠬᠢᠨ ᠰᠤᠷᠤᠯᠴᠠᠭᠤᠰᠢᠲᠠᠶ ᠶᠤᠮ᠃ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠᠨ ᠤᠯᠠᠮ ᠴᠢᠨᠠᠭᠰᠢᠳᠠ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2