ᠱᠠᠩᠳᠤ ᠰᠢᠶᠠᠨ ᠣᠨᠴᠠᠯᠢᠭᠲᠤ ᠡᠬᠢ ᠪᠠᠶᠠᠯᠢᠭ ᠢᠶᠠᠨ ᠠᠭᠤᠳᠠᠯᠵᠤ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2023/9/26
    ᠱᠠᠩᠳᠤ ᠰᠢᠶᠠᠨ ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠭᠤᠷᠢᠨ ᠳᠤ᠂ 10000 ᠲᠡᠭᠰᠢ ᠳᠥᠷᠪᠡᠯᠵᠢᠨ ᠮᠧᠲᠷ ᠤᠨ ᠭᠠᠵᠠᠷ ᠡᠵᠡᠯᠡᠬᠦ ᠰᠣᠶᠣᠯ ᠤᠨ ᠦᠢᠯᠡᠴᠢᠯᠡᠭᠡᠨ ᠤ ᠠᠵᠢᠯᠯᠠᠭᠠᠨ ᠤ ᠲᠥᠪ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠵᠢᠭᠤᠯᠴᠢᠯᠠᠯ ᠤᠨ ᠭᠥᠯᠢᠶᠡᠨ ᠠᠪᠬᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠠᠮᠢ ᠠᠬᠤᠢ ᠶᠢᠨ ᠰᠣᠶᠣᠯ ᠤᠨ ᠰᠢᠶᠠᠨ ᠤ ᠬᠤᠲᠠ ᠶᠢ ᠪᠠᠶᠢᠭᠤᠯᠤᠨ᠎ᠠ᠃     ᠨᠢᠭᠡ ᠳᠤ᠂ ᠬᠥᠳᠡᠭᠡ ᠲᠣᠰᠬᠤᠨ ᠤ ᠵᠤᠭᠠᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠰᠠᠨ ᠳ᠋ᠠ ᠴᠢᠩ ᠳ᠋ᠦᠩ ᠵᠢᠶᠠ ᠲᠣᠰᠬᠤᠨ ᠳᠤ 36 ᠭᠠᠵᠠᠷ ᠤᠨ ᠠᠷᠠᠳ ᠤᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠡᠰ ᠳᠡᠪᠰᠢᠭᠦᠯᠬᠦ ᠶᠢ ᠪᠦᠬᠦ ᠲᠣᠰᠬᠤᠨ ᠢᠶᠠᠷ ᠢᠶᠠᠨ ᠠᠬᠢᠭᠤᠯᠵᠤ᠂ ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠣᠷᠣᠨ ᠪᠦᠰᠡ ᠶᠢᠨ ᠲᠤᠰᠠᠭᠠᠷ ᠣᠷᠣᠨ ᠰᠠᠭᠤᠴᠠ ᠶᠢᠨ 7 ᠦᠷᠦᠭᠡ᠂ ᠭᠡᠷ ᠪᠦᠯᠢ ᠶᠢᠨ ᠢᠵᠢ ᠦᠷᠦᠭᠡ 1 ᠦᠷᠦᠭᠡ᠂ ᠳᠠᠪᠬᠤᠷᠯᠢᠭ ᠦᠷᠦᠭᠡ 1 ᠦᠷᠦᠭᠡ᠂ ᠨᠡᠶᠢᠲᠡ 20 ᠬᠥᠮᠥᠨ ᠤ ᠣᠷᠣ ᠶᠢ ᠪᠦᠷᠢᠯᠳᠦᠭᠦᠯᠪᠡ︔ 5 ᠲᠠᠰᠤᠯᠭ᠎ᠠ ᠬᠥᠩᠭᠡᠨ ᠪᠦᠷᠢᠯᠭᠡᠮᠡᠲᠡᠭᠡᠢ ᠭᠡᠷ ᠪᠠᠶᠢᠰᠢᠩ  ᠲᠠᠢ᠂ ᠨᠡᠶᠢᠲᠡ 18 ᠬᠥᠮᠥᠨ ᠤ ᠣᠷᠣ ᠲᠠᠢ᠃ ᠪᠣᠬᠢᠷᠲᠤᠯ ᠦᠭᠡᠢ ᠢᠳᠡᠰᠢᠨ ᠨᠣᠭᠤᠭ᠎ᠠ ᠶᠢᠨ ᠲᠠᠷᠢᠮᠠᠯ ᠤᠨ ᠬᠦᠷᠢᠶᠡᠯᠡᠩ᠂ ᠰᠢᠷᠠᠵᠤ ᠬᠠᠭᠰᠠᠭᠠᠬᠤ ᠬᠦᠷᠢᠶᠡᠯᠡᠩ᠂ ᠬᠤᠷᠠᠯ ᠤᠨ ᠭᠡᠷ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ᠵᠢᠴᠢ ᠲᠠᠷᠢᠶᠠᠯᠠᠩ ᠤᠨ ᠭᠡᠷ ᠣᠷᠣᠨ᠂ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠠᠮᠢᠳᠤ ᠪᠡᠶ᠎ᠡ ᠶᠢ ᠰᠣᠩᠭᠤᠭᠤᠯᠢ ᠶᠢᠨ ᠲᠣᠭᠤᠷᠢᠭ ᠬᠠᠩᠭᠠᠬᠤ ᠵᠡᠷᠭᠡ ᠳᠦᠬᠦᠬᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃     ᠬᠤᠶᠠᠷ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠤᠭᠠᠴᠠᠯ ᠤᠨ ᠠᠭᠤᠰᠤᠯᠴᠠᠯ ᠤᠨ ᠳᠤᠲᠠᠭᠤᠳᠠᠯ ᠢ ᠨᠥᠬᠦᠪᠦᠷᠢᠯᠡᠨ᠎ᠡ᠃ ᠰᠢᠶᠠᠨ ᠤ ᠵᠠᠰᠠᠭ ᠤᠨ ᠣᠷᠳᠣᠨ ᠤ ᠬᠤᠶᠢᠲᠤ ᠵᠡᠭᠡᠯᠢ ᠳᠤ ᠱᠠᠩᠳᠤ ᠰᠢᠶᠠᠨ ᠤ ᠤᠳᠤᠮᠰᠢᠯ ᠤᠨ ᠪᠤᠰᠤ ᠰᠠᠭᠤᠷᠢᠨ ᠭᠠᠵᠠᠷ ᠢ ᠪᠠᠶᠢᠭᠤᠯᠵᠤ᠂ ᠴᠠᠭᠠᠰᠤᠨ ᠬᠠᠶᠢᠴᠢᠯᠠᠮᠠᠯ ᠤᠨ ᠠᠵᠢᠯ ᠤᠨ ᠲᠠᠰᠤᠭ᠂ ᠰᠠᠭᠰᠤ ᠰᠢᠩᠭᠡᠭᠡᠬᠦ ᠠᠵᠢᠯ ᠤᠨ ᠲᠠᠰᠤᠭ᠂ ᠴᠥᠮ᠎ᠡ ᠶᠢᠨ ᠰᠡᠶᠢᠯᠦᠮᠡᠯ ᠤᠨ ᠠᠵᠢᠯ ᠤᠨ ᠲᠠᠰᠤᠭ᠂ ᠥᠨᠳᠡᠭᠡᠨ ᠰᠡᠶᠢᠯᠦᠮᠡᠯ ᠤᠨ ᠠᠵᠢᠯ ᠤᠨ ᠲᠠᠰᠤᠭ ᠵᠡᠷᠭᠡ ᠬᠤᠳᠠ ᠰᠢᠶᠠᠨ ᠤ ᠲᠡᠰ ᠤᠨ ᠤᠳᠤᠮᠰᠢᠯ ᠤᠨ ᠪᠤᠰᠤ 9 ᠲᠦᠷᠦᠯ ᠵᠦᠢᠯ ᠢ ᠲᠤᠰᠬᠠᠢ ᠬᠥᠮᠥᠨ ᠲᠣᠮᠢᠯᠠᠨ ᠰᠠᠭᠤᠯᠭᠠᠵᠤ᠂ ᠰᠣᠶᠣᠯ ᠵᠤᠭᠠᠴᠠᠯ ᠤᠨ ᠪᠦᠲᠦᠭᠡᠭᠳᠡᠬᠦᠨ ᠤ ᠲᠡᠰ ᠳᠡᠪᠰᠢᠬᠦ ᠶᠢ ᠬᠠᠮᠢᠶᠠᠷᠤᠭᠤᠯᠪᠠ᠃     ᠭᠤᠷᠪᠠ ᠳᠤ ᠠᠵᠤ ᠦᠢᠯᠡᠰ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ︽ᠦᠵᠡᠮᠵᠢ ᠶᠢᠨ ᠴᠡᠭ︾ ᠪᠣᠯᠵᠤ ᠬᠤᠪᠢᠷᠠᠬᠤ ᠶᠢ ᠠᠬᠢᠭᠤᠯᠤᠨ᠎ᠠ᠃ ᠬᠤᠳᠠᠯᠳᠤᠭᠠᠨ ᠤ ᠵᠢᠭᠤᠯᠴᠢᠯᠠᠯ᠂ ᠲᠠᠷᠢᠶᠠᠯᠠᠩ ᠤᠨ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠪᠦᠲᠦᠭᠡᠨ ᠪᠠᠶᠢᠭᠤᠯᠵᠤ᠂ ᠰᠢ ᠰᠧᠨ᠂ ᠹᠦ᠋ ᠵᠢᠩ ᠲᠠᠩ ᠤᠨ ᠲᠥᠮᠥᠰᠥ᠂ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠵᠡᠷᠭᠡ ᠶᠢ ᠠᠯᠬᠤᠮ ᠠᠯᠬᠤᠮ ᠢᠶᠠᠷ ᠵᠢᠭᠤᠯᠴᠢᠯᠠᠯ ᠤᠨ ᠵᠠᠮ ᠱᠤᠭᠤᠮ ᠳᠤ ᠠᠭᠤᠰᠬᠠᠨ ᠣᠷᠣᠭᠤᠯᠤᠨ᠎ᠠ᠃     ᠳᠥᠷᠪᠡ ᠳᠤ᠂ ᠠᠮᠢ ᠠᠬᠤᠢ ᠶᠢᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠤᠭᠤ ᠭᠠᠵᠠᠷ ᠤᠨ ᠴᠡᠴᠡᠷᠯᠢᠭ ᠢ ᠵᠣᠬᠢᠰᠲᠠᠢ ᠨᠡᠭᠡᠭᠡᠨ ᠬᠥᠭᠵᠢᠭᠦᠯᠦᠨ᠎ᠡ᠃ ᠴᠠᠭᠠᠨᠨᠠᠭᠤᠷ ᠤᠨ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠢ ᠲᠠᠰ ᠳᠡᠪᠰᠢᠭᠦᠯᠦᠨ ᠥᠭᠡᠷᠡᠴᠢᠯᠡᠨ᠎ᠡ᠃ 2022 ᠣᠨ ᠤ 12 ᠰᠠᠷ᠎ᠠ ᠶᠢᠨ 29 ᠤ ᠡᠳᠦᠷ᠂ ᠴᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ︾ ᠢᠶᠠᠷ ᠦᠨᠡᠯᠡᠵᠦ᠂ ᠲᠤᠰ ᠨᠤᠭᠤ ᠭᠠᠵᠠᠷ ᠤᠨ ᠴᠡᠴᠡᠷᠯᠢᠭ ᠤᠨ ᠶᠡᠷᠦᠩᠬᠡᠢ ᠲᠠᠯᠠᠪᠠᠢ ᠨᠢ ᠪᠠᠷᠤᠭ 35 ᠲᠡᠭᠰᠢ ᠳᠥᠷᠪᠡᠯᠵᠢᠨ ᠺᠢᠯᠤᠮᠧᠲᠷ ᠪᠤᠢ᠃ ᠴᠠᠭᠠᠨᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠴᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠵᠦᠢ ᠵᠣᠬᠢᠰᠲᠠᠢ ᠪᠡᠯᠡ ᠣᠷᠣᠭᠤᠯᠤᠨ ᠨᠡᠭᠡᠭᠡᠨ ᠬᠥᠭᠵᠢᠭᠦᠯᠵᠦ᠂ ᠴᠠᠭᠠᠨᠨᠠᠭᠤᠷ ᠤᠨ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠢ ᠴᠢᠨᠠᠷ ᠰᠠᠶᠢᠲᠠᠢ ᠬᠠᠮᠠᠭᠠᠯᠠᠨ ᠠᠰᠢᠭᠯᠠᠬᠤ ᠶᠢ ᠠᠬᠢᠭᠤᠯᠤᠨ᠎ᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2