ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/27
   9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠵᠦᠢᠯᠡᠰ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠲᠣᠬᠢᠷᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠭ᠎ᠠ ᠶᠢᠨ ᠲᠦᠷᠦᠯ ᠵᠦᠢᠯ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠢᠨᠵᠧᠨᠧᠷᠢᠩ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠷᠢᠯᠭ᠎ᠠ ᠶᠢᠨ ᠠᠵᠢᠯ ᠢ ᠲᠣᠬᠢᠷᠠᠭᠤᠯᠬᠤ ᠵᠡᠷᠭᠡ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠦᠢᠯᠡᠳᠬᠦᠨ ᠲᠥᠬᠦᠭᠡᠷᠦᠮᠵᠢ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠪᠦᠯ ᠤᠨ ᠤᠯᠠᠷᠢᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠠᠲᠤᠯᠠᠵᠤ᠂ ᠤᠯᠠᠨ ᠲᠦᠮᠡᠨ ᠢ ᠰᠠᠨᠠᠭ᠎ᠠ ᠠᠮᠤᠷ ᠬᠡᠷᠡᠭᠯᠡᠬᠦ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠴᠢ ᠹᠧᠢ ᠶᠦᠨ ᠪᠠᠰᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠢ ᠰᠡᠳᠦᠪ ᠢᠶᠠᠷ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2