ᠯᠢᠶᠡᠩᠴᠧᠩ ᠰᠢᠶᠠᠨ ᠤ 2023 ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠨᠢᠭᠡᠨᠲᠡ ᠲᠠᠷᠬᠠᠭᠠᠵᠤ ᠳᠠᠭᠤᠰᠬᠠᠪᠠ
ᠨᠡᠶᠢᠲᠡᠯᠡᠭᠰᠡᠨ ᠴᠠᠭ᠄
2023/9/27
    ︽2023 ᠣᠨ ᠤ ᠲᠥᠪ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ᠢ ᠦᠨᠳᠦᠰᠦᠯᠡᠪᠡᠯ᠂ ᠯᠢᠶᠡᠩᠴᠧᠩ ᠰᠢᠶᠠᠨ ᠤ ᠬᠢᠨ ᠡᠪᠡᠰᠦᠨ ᠤ ᠠᠵᠤ ᠦᠢᠯᠡᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠣᠭᠲᠠᠴᠠ ᠶᠢᠨ ᠠᠵᠢᠯ ᠢ ᠬᠢᠨᠠᠮᠠᠭᠠᠢ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠱᠠᠩᠨᠠᠯ ᠤᠨ ᠪᠡᠯᠡ ᠮᠥᠩᠭᠦ ᠶᠢ ᠠᠰᠢᠭ ᠭᠥᠷᠳᠡᠭᠰᠡᠨ ᠲᠠᠷᠢᠶᠠᠴᠢᠨ ᠡᠷᠦᠬᠡ ᠨᠢᠭᠡᠪᠦᠷᠢ ᠳᠤ ᠨᠠᠶᠢᠳᠠᠪᠤᠷᠢᠵᠢᠭᠤᠯᠵᠠᠢ᠃ 2023 ᠣᠨ ᠳᠤ ᠯᠢᠶᠡᠩᠴᠧᠩ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠠᠪᠠᠶ 13.3 ᠲᠦᠮᠡᠨ ᠮᠦ ᠳᠤ ᠬᠦᠷᠴᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠬᠡᠷᠡᠭᠵᠢᠭᠦᠯᠦᠭᠰᠡᠨ ᠬᠡᠪᠴᠢᠶ᠎ᠡ ᠨᠢ Q ᠬᠡᠯᠪᠡᠷᠢ ᠶᠢᠨ ᠵᠠᠰᠠᠮᠠᠯ ᠵᠠᠮ ᠳᠠᠭᠠᠤ ᠲᠠᠪᠤᠨ ᠰᠢᠶᠠᠩ ᠪᠠᠯᠭᠠᠰᠤᠨ ᠤ 28 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠠᠢ᠃ 2023 ᠣᠨ ᠳᠤ ᠳᠡᠭᠡᠳᠦ ᠱᠠᠲᠤᠨ ᠠᠴᠠ ᠯᠢᠶᠡᠩᠴᠧᠩ ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 123.67 ᠲᠦᠮᠡᠨ ᠲᠥᠭᠦᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢᠨ ᠮᠦ ᠪᠦᠷᠢ ᠳᠤ 9.2985 ᠲᠥᠭᠦᠷᠢᠭ ᠥᠭᠴᠦ᠂ ᠡᠯ᠎ᠡ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠨᠠᠷᠢᠨ ᠲᠠᠩᠰᠠ ᠶᠢ ᠦᠨᠳᠦᠰᠦᠯᠡᠨ᠂ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠪᠦᠬᠦᠨ ᠢ ᠲᠠᠷᠢᠶᠠᠴᠢᠨ ᠡᠷᠦᠬᠡ ᠳᠤ ᠣᠯᠭᠤᠭᠰᠠᠨ ᠪᠠᠶᠢᠨ᠎ᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2