ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/28
   9 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠤᠨ ᠦᠨᠡᠯᠡᠯᠲᠡ ᠶᠢᠨ ᠭᠦᠢᠴᠡᠳᠬᠡᠬᠦ ᠲᠤᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠨᠢᠭᠡ ᠵᠦᠢᠯ ᠤᠨ ᠰᠠᠭᠤᠷᠢ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠰᠠᠭᠤᠳᠠᠯ ᠤᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠭᠦᠢᠴᠡᠳᠬᠡᠬᠦ ᠲᠤᠭ᠎ᠠ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠥᠨᠳᠥᠷ ᠶᠠᠰᠤ ᠴᠢᠨᠠᠷ ᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠳᠠᠷᠤᠯᠲᠠ ᠥᠭᠴᠦ ᠴᠢᠷᠮᠠᠶᠢᠨ ᠤᠷᠤᠭᠰᠢᠯᠠᠬᠤ ᠳᠤᠮᠳᠠ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠠᠲᠤᠯᠠᠬᠤ ᠬᠡᠷᠡᠭᠲᠡᠢ᠃ ︽ᠲᠦᠷᠦᠯ ᠵᠦᠢᠯ ᠤᠨ ᠬᠠᠮᠢᠶᠠᠷᠤᠭᠴᠢ︾ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠦᠭᠵᠢᠮᠡᠯ ᠠᠰᠠᠭᠤᠳᠠᠯ ᠪᠠ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠤᠶᠢᠰᠢᠳᠠ ᠶᠢᠨ ᠵᠣᠪᠠᠨᠢᠯ ᠢ ᠰᠡᠳᠬᠢᠯᠭᠡ ᠲᠠᠢ ᠪᠠᠷ ᠰᠢᠢᠳᠪᠦᠷᠢᠯᠡᠵᠦ ᠥᠭᠬᠦ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠬᠡ ᠶᠢ ᠵᠢᠷᠤᠮᠵᠢᠯ ᠲᠠᠢ ᠬᠡᠷᠡᠭᠯᠡᠬᠦ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠬᠠᠤᠯᠢᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ᠂ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠵᠤ᠂ ᠬᠠᠤᠯᠢ ᠲᠣᠭᠲᠠᠭᠠᠯ ᠶᠣᠰᠣᠭᠠᠷ ᠬᠡᠷᠡᠭ ᠢ ᠬᠢᠨᠠᠨ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ︽ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠥᠯᠥᠰᠦ ᠣᠯᠭᠤᠮᠵᠢ ᠶᠢᠨ ᠪᠠᠷᠢᠮᠵᠢᠶ᠎ᠠ︾ ᠶᠢ ᠬᠢᠨᠠᠨ ᠵᠥᠪᠯᠡᠪᠡ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2