ᠵᠢᠨᠢᠩ ᠲᠣᠭᠤᠷᠢᠭ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/9/28
    ᠨᠢᠭᠡ ᠳᠤ ︽ᠦᠨᠳᠦᠰᠦᠨ ᠱᠠᠲᠤᠨ ᠳᠤ ᠴᠢᠨᠠᠷ ᠰᠠᠶᠢᠲᠠᠢ ᠦᠢᠯᠡᠴᠢᠯᠡᠬᠦ ᠠᠶᠠᠯᠠᠯ︾ ᠤᠨ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠥᠳᠡᠭᠡ ᠲᠣᠰᠬᠤᠨ ᠤ ᠡᠮᠴᠢ ᠶᠢᠨ ᠠᠵᠢᠯ ᠡᠷᠭᠢᠯᠡᠬᠦ ᠬᠢᠷᠢ ᠬᠡᠮ ᠤᠨ ᠪᠣᠯᠪᠠᠰᠤᠷᠠᠭᠤᠯᠤᠯ ᠰᠢᠯᠭᠠᠯᠲᠠ ᠶᠢᠨ ᠠᠵᠢᠯ ᠢ ᠯᠠᠪᠳᠠᠭᠤᠨ ᠢᠶᠠᠷ ᠰᠠᠶᠢᠲᠤᠷ ᠬᠢᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠣᠯᠠᠮ ᠴᠢᠨᠠᠭᠰᠢᠳᠡ ᠳᠡᠭᠡᠭᠰᠢᠯᠡᠬᠦᠯᠦᠨ᠎ᠡ︔ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠬᠥᠮᠦᠵᠢᠯ ᠢ ᠲᠦᠷᠭᠡᠳᠬᠡᠨ᠎ᠡ᠃ ︽ᠵᠢᠨᠢᠩ ᠲᠣᠭᠤᠷᠢᠭ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ︽ᠵᠢᠨᠢᠩ ᠲᠣᠭᠤᠷᠢᠭ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ︽ᠵᠢᠨᠢᠩ ᠲᠣᠭᠤᠷᠢᠭ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠨᠡᠶᠢᠭᠡᠮ ᠤᠨ ᠳᠠᠭᠠᠳᠬᠠᠯ ᠪᠠ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢᠨ ᠬᠡᠷᠡᠭᠵᠢᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ ᠵᠡᠷᠭᠡ ᠢᠵᠢ ᠪᠦᠷᠢᠳᠦᠭᠰᠡᠨ ᠣᠯᠠᠨ ᠪᠢᠴᠢᠭ ᠮᠠᠲ᠋ᠧᠷᠢᠶᠠᠯ ᠢ ᠲᠡᠭᠦᠯᠳᠡᠷᠵᠢᠭᠦᠯᠦᠨ᠎ᠡ︔ 9 ᠰᠠᠷ᠎ᠠ ᠶᠢᠨ 25 ᠤ ᠡᠳᠦᠷ ᠪᠣᠯᠲᠠᠯ᠎ᠠ᠂ ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠠᠨᠠᠭᠠᠬᠤ ᠤᠬᠠᠭᠠᠨ ᠤ ᠰᠣᠷᠣᠭᠴᠢ ᠶᠢ ᠨᠡᠶᠢᠲᠡ 32 ᠭᠥᠯᠢᠶᠡᠨ ᠠᠪᠴᠤ᠂ ᠬᠤᠶᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠰᠢᠯᠭᠠᠨ ᠪᠠᠶᠢᠴᠠᠭᠠᠬᠤ ᠠᠵᠢᠯᠲᠠᠨ 40 ᠡᠯᠰᠡᠵᠦ᠂ ᠬᠥᠳᠡᠭᠡ ᠲᠣᠰᠬᠤᠨ ᠤ ᠡᠮᠨᠡᠯᠭᠡ ᠶᠢᠨ ᠠᠵᠢᠯ ᠤᠨ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃     ᠬᠤᠶᠠᠷ ᠲᠤ ︽ᠵᠢᠨᠢᠩ ᠲᠣᠭᠤᠷᠢᠭ ᠤᠨ ᠰᠢᠶᠠᠨ ᠤ ᠬᠡᠪᠴᠢᠶᠡᠨ ᠤ ᠲᠣᠭᠤᠷᠢᠨ ᠡᠮᠴᠢᠯᠡᠬᠦ ᠪᠠ ᠲᠣᠮᠢᠯᠠᠨ ᠰᠠᠭᠤᠯᠭᠠᠬᠤ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠣᠳᠣᠬᠠᠨ ᠳᠤ ᠨᠢᠭᠡᠨᠲᠡ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠬᠢᠭᠡᠳ ᠬᠤᠶᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠢᠮᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠮᠵᠢᠯᠴᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠠ ᠲᠣᠭᠤᠷᠢᠭ ᠤᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠨᠤᠭᠤᠳ ᠴᠥᠮ ᠣᠯᠠᠨ ᠰᠠᠯᠠᠭ᠎ᠠ ᠲᠠᠰᠤᠭ ᠢᠶᠠᠷ ᠪᠦᠷᠢᠯᠳᠦᠭᠰᠡᠨ ᠡᠮᠴᠢᠯᠡᠭᠡᠨ ᠤ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠪᠥᠬᠦ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢᠨ ︽1+4︾ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠬᠠᠮᠤᠷᠪᠠ᠃ 9 ᠰᠠᠷ᠎ᠠ ᠶᠢᠨ 25 ᠤ ᠡᠳᠦᠷ ᠪᠣᠯᠲᠠᠯ᠎ᠠ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ 23 ᠤᠳᠠᠭ᠎ᠠ᠂ ᠡᠭᠦᠳᠡᠨ ᠡᠮᠨᠡᠯᠭᠡ ᠳᠤ 1012 ᠬᠥᠮᠥᠨ ᠤᠳᠠᠭ᠎ᠠ᠂ ᠡᠮᠨᠡᠯᠭᠡ ᠶᠢᠨ ᠮᠡᠷᠭᠡᠵᠢᠯ ᠤᠨ ᠪᠠᠶᠢᠴᠠᠭᠠᠯᠲᠠ ᠳᠤ 300 ᠬᠥᠮᠥᠨ ᠤᠳᠠᠭ᠎ᠠ᠂ 13 ᠲᠠᠯᠠᠪᠤᠷ ᠬᠢᠴᠢᠶᠡᠯ ᠵᠢᠭᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ 9 ᠤᠳᠠᠭ᠎ᠠ ᠵᠢᠷᠤᠮᠵᠢᠭᠤᠯᠪᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2