ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 9 ᠰᠠᠷ᠎ᠠ ᠶᠢᠨ 20 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠵᠠᠢ᠃     ᠬᠤᠷᠠᠯ ᠠᠴᠠ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠲᠣᠮᠣ ᠳ᠋ᠠᠶᠢᠲ᠋ᠠ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠵᠤ᠂ ᠲᠦᠷᠦᠯ ᠵᠦᠢᠯ ᠢᠶᠠᠷ ᠲᠤᠯᠭᠠᠭᠤᠷᠢᠯᠠᠬᠤ ᠶᠢ ᠴᠢᠩᠭ᠎ᠠ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂  ᠳᠠᠭ᠎ᠠ ᠶᠢᠨ ᠨᠠᠭᠤᠷ᠂ ᠴᠠᠭᠠᠨᠨᠠᠭᠤᠷ ᠵᠡᠷᠭᠡ ᠭᠤᠣᠯ ᠨᠠᠭᠤᠷ ᠨᠤᠭᠤ ᠭᠠᠵᠠᠷ ᠤᠨ ᠰᠠᠪᠠ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠤᠯᠤᠰ ᠠᠴᠠ ᠡᠵᠡᠮᠳᠡᠬᠦ ᠣᠭᠲᠣᠯᠣᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠵᠦ ᠵᠠᠰᠠᠬᠤ ᠵᠢᠴᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠣᠨ ᠤᠯᠠᠭᠠᠨᠴᠠᠪ ᠬᠤᠲᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0 ᠬᠡᠪᠯᠡᠯ ᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ ᠤ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2