ᠮᠠᠨ ᠤ ᠬᠤᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2023/9/4
   8 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ ︽ᠰᠡᠳᠬᠢᠯ ᠢᠶᠠᠨ ᠨᠢᠭᠡᠳᠬᠡᠬᠦ ᠬᠢᠴᠢᠶᠡᠯ ᠤᠨ ᠲᠠᠩᠬᠢᠮ︾ ︱ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠵᠢᠨᠢᠩ ᠲᠣᠭᠤᠷᠢᠭ ᠲᠤ ᠶᠠᠪᠤᠭᠳᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠲᠤᠰᠬᠠᠢ ᠰᠡᠳᠦᠪᠲᠦ ᠲᠠᠶᠢᠯᠤᠮᠵᠢ ᠶᠢ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠱᠧᠩ ᠴᠢ ᠬᠤᠷᠠᠯ ᠳᠤ ᠣᠷᠣᠯᠴᠠᠵᠠᠢ᠃    ᠲᠤᠰᠬᠠᠢ ᠰᠡᠳᠦᠪᠲᠦ ᠲᠠᠶᠢᠯᠤᠮᠵᠢ ᠶᠢᠨ ᠣᠨᠴᠠ ᠤᠷᠢᠭᠰᠠᠨ ᠵᠣᠴᠢᠨ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ︵ᠰᠤᠳᠤᠯᠤᠨ ᠰᠤᠷᠤᠭᠴᠢ ᠶᠢᠨ ᠬᠦᠷᠢᠶᠡᠯᠡᠩ︶ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠵᠣᠣ ᡁᠢ ᠺᠦᠢ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠰᠡᠳᠦᠪᠯᠡᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ ᠠᠮᠢᠳᠤᠯᠢᠭ ᠪᠥᠭᠡᠳ ᠬᠡᠷᠡᠭᠴᠡᠭᠡᠲᠡᠢ ᠬᠢᠴᠢᠶᠡᠯ ᠣᠷᠣᠵᠤ᠂ ᠬᠤᠷᠠᠯ ᠳᠤ ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠵᠠᠢ᠃    ᠬᠤᠷᠠᠯ ᠳᠤ ᠣᠷᠣᠯᠴᠠᠭᠰᠠᠳ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠵᠡᠢ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2