ᠰᠦᠢ ᠸᠧᠢ ᠵᠢᠶᠦ᠋ᠨ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠦ ᠢ ᠮᠢᠨ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/9/4
   9 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠦ ᠢ ᠮᠢᠨ ᠨᠠᠷ ᠲᠠᠢ ᠶᠠᠷᠢᠯᠴᠠᠬᠤ ᠬᠤᠷᠠᠯ ᠬᠢᠵᠡᠢ᠃    ᠰᠦᠢ ᠸᠧᠢ ᠵᠢᠶᠦ᠋ᠨ ᠯᠦ ᠢ ᠮᠢᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠦᠩ ᠶᠦᠩ ᠮᠡᠷᠭᠡᠵᠢᠯ ᠤᠨ ᠪᠦᠯᠦᠭᠯᠡᠯ ᠤᠨ ᠤᠯᠠᠨ ᠵᠢᠯ ᠤᠨ ᠲᠤᠷᠰᠢ ᠤᠯᠠᠭᠠᠨᠴᠠᠪ ᠲᠤ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠦᠨᠡᠨ ᠰᠡᠳᠬᠢᠯ ᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠦᠩ ᠶᠦᠩ ᠮᠡᠷᠭᠡᠵᠢᠯ ᠤᠨ ᠪᠦᠯᠦᠭᠯᠡᠯ ᠤᠨ ᠬᠢᠨ ᠢᠮᠠᠭᠲᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠥᠪᠡᠷ ᠤᠨ ᠬᠢᠪᠡᠰᠦ ᠵᠣᠬᠢᠬᠤ ᠠᠵᠢᠯ ᠪᠣᠯᠣᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠦᠨᠡᠨ ᠰᠡᠳᠬᠢᠯ ᠠᠴᠠ ᠪᠠᠨ ᠬᠠᠪᠰᠤᠷᠴᠤ᠂ ᠦᠨᠡᠨᠬᠦ ᠠᠳᠬᠤᠨ ᠪᠣᠳᠠᠲᠠᠢ ᠠᠵᠢᠯᠯᠠᠵᠤ ᠲᠡᠳᠬᠦᠵᠦ᠂ ᠭᠤᠣᠯᠳᠠᠯᠭ᠎ᠠ ᠶᠢ ᠲᠤᠪᠤᠶᠢᠯᠭᠠᠵᠦ᠂ ᠦᠷᠭᠦᠯᠵᠢᠯᠡᠨ ᠬᠦᠴᠦᠯᠡᠵᠦ᠂ ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠱᠠᠩᠳᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ ᠲᠦᠩ ᠶᠦᠩ ᠮᠡᠷᠭᠡᠵᠢᠯ ᠤᠨ ᠪᠦᠯᠦᠭᠯᠡᠯ ᠤᠨ  ᠬᠢᠨ ᠠᠵᠤ ᠠᠬᠤᠶᠢᠯᠠᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠱᠠᠩᠳᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃    ᠯᠦ ᠢ ᠮᠢᠨ ᠲᠦᠩ ᠶᠦᠩ ᠮᠡᠷᠭᠡᠵᠢᠯ ᠤᠨ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠴᠡᠭ ᠲᠣᠭᠲᠠᠭᠠᠨ ᠬᠠᠪᠰᠤᠷᠤᠨ ᠲᠡᠳᠬᠦᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤ ᠡᠭᠦᠷᠭᠡᠯᠡᠵᠦ᠂ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠪᠡᠯᠡ ᠮᠥᠩᠭᠦ᠂ ᠴᠢᠳᠠᠪᠤᠷᠢᠲᠠᠨ ᠵᠡᠷᠭᠡ ᠶᠢᠨ ᠳᠠᠪᠠᠭᠤᠯᠢᠭ ᠢ ᠤᠯᠠᠭᠠᠨᠴᠠᠪ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠬᠤ ᠶᠢ ᠪᠠᠷᠢᠮᠲᠠᠯᠠᠵᠤ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃    ᠯᠧᠢ ᠺᠦᠨ᠂ ᠹᠠᠩ ᠽᠧ ᠣᠷᠣᠯᠴᠠᠵᠠᠢ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2