ᠯᠢᠶᠡᠩᠴᠧᠩ ᠰᠢᠶᠠᠨ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭᠠᠨ ᠤ ᠣᠶᠤᠨᠲᠤ ᠦᠵᠦᠭᠦᠷ ︵ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ︶ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/4
    ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠲᠤᠬᠠᠢ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠯᠢᠶᠡᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠭᠡᠳ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠯᠢᠶᠡᠩᠴᠧᠩ ᠰᠢᠶᠠᠨ ᠤ ᠰᠠᠯᠪᠤᠷᠢ ᠪᠠᠩᠬᠢ ᠳᠠᠭ᠎ᠠ ᠶᠢᠨ ᠨᠠᠭᠤᠷ ᠤᠨ ᠪᠠᠯᠭᠠᠰᠤᠨ ᠤ ᠰᠢ ᠶᠢᠩ ᠽᠢ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠵᠠᠰᠠᠭ ᠪᠠᠩᠬᠢ ᠶᠢᠨ ᠬᠠᠮᠲᠤᠷᠠᠯᠴᠠᠭᠠᠨ ᠤ ᠣᠶᠤᠨᠲᠤ ᠦᠵᠦᠭᠦᠷ ︵ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ︶ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠥᠷᠨᠢᠭᠦᠯᠪᠡ᠃     ︽ᠢᠦᠢ ᠨᠦᠩ ᠲᠦᠩ︾ ᠣᠶᠤᠨᠲᠤ ᠦᠵᠦᠭᠦᠷ ᠢ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠠᠴᠠ ᠨᠡᠭᠡᠭᠡᠨ ᠠᠰᠢᠭᠯᠠᠬᠤ ᠶᠢᠨ ᠬᠠᠮᠲᠤ ᠠᠵᠢᠯᠯᠠᠭᠤᠯᠵᠤ᠂ ᠭᠤᠣᠯᠳᠠᠭᠤ ᠪᠡᠯᠡᠨ ᠵᠣᠭᠤᠰ ᠤᠨ ᠪᠤᠰᠤ ᠲᠤᠬᠠᠶᠢᠯᠠᠭᠰᠠᠨ ᠠᠵᠢᠯ ᠳᠤ ᠴᠢᠭᠯᠡᠭᠦᠯᠦᠨ᠂ ᠪᠠᠩᠬᠢ ᠶᠢᠨ ᠲᠠᠩᠰᠠᠨ ᠡᠷᠦᠬᠡ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠬᠤ᠂ ᠲᠠᠩᠰᠠ ᠰᠢᠯᠵᠢᠭᠦᠯᠵᠦ ᠪᠣᠯᠣᠨ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠴᠠᠬᠢᠯᠭᠠᠨ ᠤ ᠰᠦᠢᠳᠬᠡᠯ᠂ ᠤᠲᠠᠰᠤᠨ ᠤ ᠰᠦᠢᠳᠬᠡᠯ ᠵᠡᠷᠭᠡ ᠵᠠᠷᠤᠳᠠᠯ ᠢ ᠲᠤᠰᠢᠶᠠᠵᠤ ᠪᠣᠯᠣᠨ᠎ᠠ᠂ ᠤᠷᠢᠳᠴᠢᠯᠠᠨ ᠪᠣᠯᠵᠣᠵᠤ ᠺᠠᠷᠲ ᠨᠡᠭᠡᠭᠡᠬᠦ ᠶᠢᠨ ᠬᠠᠮᠲᠤ ᠳᠠᠷᠢᠵᠤ ᠲᠡᠵᠢᠭᠡᠬᠦ ᠡᠷᠦᠬᠡ ᠳᠤ ᠬᠠᠨᠳᠤᠭᠤᠯᠤᠨ ᠬᠠᠷᠠᠭᠠᠯᠵᠠᠯᠲᠤ ᠵᠢᠭᠡᠯᠡᠯᠭᠡ ᠥᠭᠴᠦ ᠪᠣᠯᠣᠨ᠎ᠠ᠃ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠵᠠᠷᠴᠢᠮ ᠤᠨ ᠶᠣᠰᠣᠭᠠᠷ᠂ ᠨᠢᠭᠡᠳᠦᠭᠡᠷ ᠪᠦᠯᠦᠭ ᠲᠤ 12 ᠰᠠᠤᠷᠢ ᠮᠠᠰᠢᠨ ᠢ ᠤᠷᠢᠳ ᠢᠶᠠᠷ ᠡᠯ᠎ᠡ ᠰᠢᠶᠠᠩ ᠪᠠᠯᠭᠠᠰᠤᠨ ᠤ ᠬᠡᠰᠡᠭ ᠵᠠᠰᠠᠭ ᠵᠠᠬᠢᠷᠭᠠᠨ ᠤ ᠲᠣᠰᠬᠤᠨ ᠳᠤ ᠤᠭᠰᠠᠷᠠᠭᠤᠯᠤᠨ ᠲᠤᠷᠰᠢᠨ ᠠᠵᠢᠯᠯᠠᠭᠤᠯᠵᠤ᠂ ᠬᠡᠷᠡᠭᠯᠡᠭᠴᠢ ᠶᠢᠨ ᠪᠠᠶᠢᠳᠠᠯ ᠢ ᠦᠨᠳᠦᠰᠦᠯᠡᠨ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠣᠰᠬᠤᠨ ᠤ ᠠᠷᠠᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠣᠰᠬᠤᠨ ᠠᠴᠠ ᠭᠠᠷᠭᠠᠬᠤ ᠦᠭᠡᠢ᠂ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠠᠯᠭᠠᠰᠤ ᠠᠴᠠ ᠭᠠᠷᠭᠠᠬᠤ ᠦᠭᠡᠢ ᠪᠠᠶᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠦᠷᠭᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠯᠢᠶᠡᠩᠴᠧᠩ ᠰᠢᠶᠠᠨ ᠤ ᠥᠷᠭᠡᠨ ᠣᠯᠠᠨ ᠬᠥᠳᠡᠭᠡ ᠲᠣᠰᠬᠤᠨ ᠤ ᠠᠷᠠᠳ ᠲᠤ ᠠᠪᠴᠤ ᠶᠠᠪᠤᠬᠤ ᠳᠤ ᠲᠥᠬᠦᠮ ᠦᠵᠡᠭᠦᠯᠬᠦ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠠᠷᠠᠳ ᠲᠤ ᠲᠥᠬᠦᠮ ᠦᠵᠡᠭᠦᠯᠬᠦ ᠠᠮᠢᠳᠤᠷᠠᠯ ᠢ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠲᠦᠷᠭᠡᠨ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2