ᠵᠢᠨᠢᠩ ᠲᠣᠭᠤᠷᠢᠭ᠄ ᠭᠠᠯ ᠤᠨᠲᠠᠷᠠᠭᠠᠬᠤ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠳᠤ ᠣᠷᠣᠵᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠤᠷᠤᠪᠡ
ᠨᠡᠶᠢᠲᠡᠯᠡᠭᠰᠡᠨ ᠴᠠᠭ᠄
2023/9/4
    ᠤᠶᠢᠷ᠎ᠡ ᠳᠤ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠬᠠᠭᠤᠯᠤᠭᠴᠢ ᠶᠦᠩ ᠠᠨ ᠵᠠᠮ ᠤᠨ ᠪᠠᠭ᠎ᠠ ᠰᠤᠷᠭᠠᠭᠤᠯᠢ ᠳᠤ ᠣᠷᠣᠵᠤ᠂ ᠪᠠᠭᠰᠢ ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ︽ᠠᠩᠬᠠᠨ ᠤ ᠬᠢᠴᠢᠶᠡᠯ︾ ᠣᠷᠣᠵᠤ ᠥᠭᠪᠡ᠃     ᠲᠠᠶᠢᠯᠤᠮᠵᠢ ᠳᠡᠭᠡᠷ᠎ᠡ᠂ ᠭᠠᠯ ᠤᠨᠲᠠᠷᠠᠭᠠᠭᠴᠢ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠦᠨᠳᠦᠰᠦᠨ ᠶᠡᠷᠦ ᠶᠢᠨ ᠮᠡᠳᠡᠯᠭᠡ᠂ ᠡᠳᠦᠷ ᠲᠤᠲᠤᠮ ᠤᠨ ᠠᠮᠢᠳᠤᠷᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠨᠠᠷᠢᠨ ᠵᠦᠢᠯᠡᠰ ᠵᠢᠴᠢ ᠭᠠᠯ ᠤᠨ ᠠᠶᠤᠯ ᠭᠠᠷᠤᠭᠰᠠᠨ ᠦᠶ᠎ᠡ ᠳᠤ ᠬᠡᠷᠬᠢᠨ ᠲᠦᠭᠰᠢᠭᠦᠷᠢ ᠮᠡᠳᠡᠭᠦᠯᠬᠦ᠂ ᠬᠡᠷᠬᠢᠨ ᠲᠦᠷᠭᠡᠨ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠭᠠᠯ ᠤᠨᠲᠠᠷᠠᠭᠠᠬᠤ ᠬᠡᠷᠡᠭᠰᠡᠯ ᠢ ᠬᠡᠷᠬᠢᠨ ᠣᠶᠢᠷ᠎ᠠ ᠬᠠᠪᠢ ᠳᠠᠭᠠᠨ ᠬᠡᠷᠡᠭᠯᠡᠬᠦ ᠵᠡᠷᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠤᠨ ᠭᠠᠯ ᠤᠨᠲᠠᠷᠠᠭᠠᠬᠤ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃     ᠳᠠᠷᠠᠭᠠᠴᠢ ᠶᠢᠨ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠨ ᠶᠠᠪᠤᠭᠤᠯᠬᠤ ᠰᠣᠷᠢᠯᠲᠠ ᠳᠤ᠂ ᠪᠦᠬᠦ ᠪᠠᠭᠰᠢ ᠰᠤᠷᠤᠭᠴᠢᠳ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠵᠢᠯᠣᠭᠤᠳᠤᠯᠭ᠎ᠠ ᠪᠠᠷ᠂ ᠨᠢᠷᠤᠭᠤ ᠪᠥᠬᠦᠶᠢᠨ ᠨᠠᠮ ᠰᠠᠭᠤᠬᠤ ᠶᠢᠨ ᠬᠠᠮᠲᠤ ᠨᠣᠶᠢᠲᠠᠨ ᠠᠯᠴᠢᠭᠤᠷ ᠢᠶᠠᠷ ᠠᠮᠠ ᠬᠠᠮᠠᠷ ᠢᠶᠠᠨ ᠪᠥᠭᠯᠡᠵᠦ᠂ ᠣᠶᠢᠷ᠎ᠠ ᠬᠠᠪᠢ ᠶᠢᠨ ᠲᠠᠷᠬᠠᠭᠠᠨ ᠶᠠᠪᠤᠭᠤᠯᠬᠤ ᠵᠠᠮ ᠢ ᠰᠣᠩᠭᠤᠵᠤ᠂ ᠲᠦᠷᠭᠡᠨ ᠪᠥᠭᠡᠳ ᠡᠮᠬᠢ ᠵᠢᠷᠤᠮ ᠲᠠᠢ ᠪᠠᠷ ᠭᠡᠷ ᠤᠨ ᠭᠠᠳᠠᠨᠠᠬᠢ ᠠᠮᠤᠷ ᠲᠦᠪᠰᠢᠨ ᠭᠠᠵᠠᠷ ᠲᠤ ᠲᠠᠷᠬᠠᠭᠠᠨ ᠶᠠᠪᠤᠭᠤᠯᠵᠤ᠂ ᠪᠦᠬᠦᠶᠢᠯᠡ ᠶᠠᠪᠤᠴᠠ ᠶᠢ ᠪᠠᠴᠢᠮ ᠪᠥᠭᠡᠳ ᠡᠮᠬᠢ ᠵᠢᠷᠤᠮ ᠲᠠᠢ ᠪᠣᠯᠭᠠᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠭᠡᠪᠡ᠃     ᠲᠣᠰ ᠤᠳᠠᠭᠠᠨ ᠤ ᠰᠤᠷᠤᠯᠭ᠎ᠠ ᠶᠢᠨ ᠠᠩᠬᠠᠨ ᠤ ᠬᠢᠴᠢᠶᠡᠯ ᠨᠢ ᠥᠷᠭᠡᠨ ᠣᠯᠠᠨ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠵᠢᠯ ᠵᠢᠴᠢ ᠡᠯ᠎ᠡ ᠲᠥᠷᠥᠯ ᠤᠨ ᠪᠠᠶᠢᠳᠠᠯ ᠳᠣᠣᠷᠠᠬᠢ ᠪᠠᠴᠢᠮ ᠭᠡᠨᠡᠳᠲᠡ ᠶᠢᠨ ᠬᠡᠷᠡᠭ ᠤᠨ ᠰᠢᠢᠳᠪᠦᠷᠢᠯᠡᠯᠲᠡ ᠶᠢᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ᠂ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠵᠡᠷᠭᠡ ᠳᠤ ᠲᠦᠰᠢᠭᠯᠡᠨ᠂ ᠤᠯᠠᠨ ᠵᠦᠢᠯ ᠤᠨ ᠬᠡᠯᠪᠡᠷᠢ ᠶᠢᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2