ᠬᠤᠲᠠ ᠶᠢᠨ ᠤᠳᠤᠷᠢᠳᠤᠯᠭ᠎ᠠ ᠠᠭᠤᠷᠬᠠᠢ ᠮᠠᠯᠲᠠᠬᠤ ᠪᠠ ᠭᠤᠣᠯ ᠤᠨ ᠬᠤᠩᠬᠢᠯ ᠢᠶᠠᠷ ᠡᠯᠡᠰᠦ ᠮᠠᠯᠲᠠᠬᠤ ᠬᠠᠮᠢᠶᠠᠷᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/5
   9 ᠰᠠᠷ᠎ᠠ ᠶᠢᠨ 1 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ᠂ ᠢᠦᠢ ᠬᠠᠢ ᠴᠧᠩ ᠠᠭᠤᠷᠬᠠᠢ ᠮᠠᠯᠲᠠᠬᠤ ᠪᠠ ᠭᠤᠣᠯ ᠤᠨ  ᠬᠤᠩᠬᠢᠯ ᠢᠶᠠᠷ ᠡᠯᠡᠰᠦ ᠮᠠᠯᠲᠠᠬᠤ ᠬᠠᠮᠢᠶᠠᠷᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠶᠣᠰᠣᠭᠠᠷ᠂ ᠠᠰᠠᠭᠤᠳᠠᠯ ᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠠᠳᠬᠤᠵᠤ᠂ ᠬᠤᠰᠢᠭᠤ ᠰᠢᠶᠠᠨ ᠬᠤᠳᠠ ᠲᠣᠭᠤᠷᠢᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠨᠠᠷᠢᠨ ᠬᠢᠨᠠᠮᠠᠭᠠᠢ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠪᠠᠲᠤ ᠰᠠᠬᠢᠵᠤ᠂ ᠣᠷᠣᠬᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠢ᠃ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠭᠡᠷ ᠨᠢ ᠠᠮᠢ ᠠᠬᠤᠢ ᠶᠢᠨ ᠵᠠᠰᠠᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ ᠵᠠᠰᠠᠯᠲᠠ ᠳᠤ ᠲᠤᠯᠭᠠᠷᠠᠭᠰᠠᠨ ᠲᠣᠪᠣᠶᠢᠮ᠎ᠠ ᠠᠰᠠᠭᠤᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ᠃ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠠᠮᠢᠶᠠᠷᠤᠯᠲᠠ ᠶᠢ ᠲᠡᠭᠦᠯᠳᠡᠷᠵᠢᠭᠦᠯᠬᠦ ᠵᠢᠯᠤᠭᠤᠳᠬᠤ ᠰᠠᠨᠠᠯ ᠢ ᠱᠠᠯᠠᠪᠳᠠᠨ ᠲᠣᠭᠲᠠᠭᠠᠵᠤ ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠨᠡᠭᠡᠭᠡᠨ ᠮᠠᠯᠲᠠᠵᠤ ᠵᠠᠰᠠᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠠᠯᠪᠠᠨ ᠭᠡᠷ ᠤᠨ ᠬᠢᠨ ᠵᠢᠭᠰᠠᠭᠠᠨ ᠪᠠᠶᠢᠴᠠᠭᠠᠬᠤ ᠲᠥᠰᠥᠯ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠪᠠ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃                                                      ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2