ᠯᠢᠶᠡᠩᠴᠧᠩ ᠰᠢᠶᠠᠨ᠄ ᠪᠠᠯᠲᠤ ᠬᠡᠮᠬᠡ ᠨᠢ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠵᠤ ᠬᠦᠳᠡᠭᠡ ᠠᠵᠤ ᠠᠬᠤᠢ ᠶᠢᠨ ᠬᠦᠭᠵᠢᠯᠳᠡ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2023/9/5
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂ ᠠᠵᠤ ᠦᠢᠯᠡᠰ ᠢ ᠬᠥᠭᠵᠢᠭᠦᠯᠬᠦ ᠳᠤ ᠦᠪᠡᠷᠮᠢᠴᠡ ᠤᠨᠴᠠᠯᠢᠭ ᠲᠤ ᠲᠦᠰᠢᠭᠯᠡᠨ᠎ᠡ᠃ ᠣᠶᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠮᠠᠩᠬᠠᠨ ᠪᠠᠯᠭᠠᠰᠤ ᠶᠢᠨ ᠬᠢᠨ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ᠣᠨᠴᠠᠭᠠᠢ︾ ︽ᠰᠢᠯᠢᠳᠡᠭ︾ ᠲᠠᠷᠢᠶᠠᠯᠠᠩ ᠤᠨ ᠠᠵᠤ ᠦᠢᠯᠡᠰ ᠢ ᠪᠣᠶᠢᠵᠢᠭᠤᠯᠵᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠲᠤ ᠭᠠᠷᠬᠤ ᠴᠠᠭ ᠤᠨ ᠵᠥᠷᠢᠶ᠎ᠡ ᠶᠢ ᠰᠠᠶᠢᠲᠤᠷ ᠭᠠᠷᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ ᠢ ᠥᠷᠭᠡᠳᠬᠡᠬᠦ ᠶᠢᠨ ᠵᠡᠷᠭᠡᠪᠡᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ᠃     9 ᠰᠠᠷ᠎ᠠ ᠶᠢᠨ 1 ᠤ ᠡᠳᠦᠷ ᠪᠣᠯᠲᠠᠯ᠎ᠠ᠂ ᠯᠢᠶᠡᠩᠴᠧᠩ ᠰᠢᠶᠠᠨ ᠤ ᠮᠠᠩᠬᠠᠨ ᠪᠠᠯᠭᠠᠰᠤᠨ ᠤ ᠳ᠋ᠦᠩ ᠭᠧᠦ ᠮᠧᠨ ᠲᠣᠰᠬᠤᠨ ᠤ ᠠᠮᠲᠠᠲᠤ ᠬᠡᠮᠬᠡ ᠲᠠᠷᠢᠬᠤ ᠰᠠᠭᠤᠷᠢᠨ ᠤ ᠪᠠᠯᠲᠤ ᠬᠡᠮᠬᠡ ᠨᠢᠭᠡᠨᠲᠡ ᠪᠣᠯᠪᠠᠰᠤᠷᠠᠵᠤ᠂ ᠲᠡᠭᠦᠬᠦ᠂ ᠬᠠᠶᠢᠷᠴᠠᠭᠯᠠᠬᠤ᠂ ᠪᠣᠭᠤᠳᠠᠯᠯᠠᠭᠰᠠᠨ ᠤ ᠳᠠᠷᠠᠭ᠎ᠠ ᠪᠣᠷᠣᠯᠠᠭᠤᠯᠬᠤ ᠭᠠᠵᠠᠷ ᠲᠤ ᠲᠠᠷᠬᠠᠭᠠᠪᠠ᠃ ᠵᠢᠵᠢᠭᠬᠡᠨ ᠪᠠᠯᠲᠤ ᠬᠡᠮᠬᠡ  ᠨᠢ ᠲᠠᠷᠢᠮᠠᠯ ᠤᠨ ᠲᠣᠮᠣ ᠡᠷᠦᠬᠡ ᠶᠢᠨ ︽ᠵᠢᠷᠭᠠᠯᠲᠠᠢ ᠦᠢᠯᠡᠰ︾ ᠢ ᠪᠦᠲᠦᠭᠡᠭᠰᠡᠨ ᠢᠶᠠᠷ ᠪᠠᠷᠠᠬᠤ ᠦᠭᠡᠢ᠂ ᠪᠠᠰᠠ ᠡᠷᠬᠢᠨ ᠲᠣᠭᠤᠷᠢᠨ ᠤ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠰᠢᠭᠤᠳ ᠳᠠᠶᠢᠴᠢᠯᠠᠭᠰᠠᠨ ᠪᠠᠶᠢᠨ᠎ᠠ᠃     ᠳ᠋ᠦᠩ ᠭᠧᠦ ᠮᠧᠨ ᠲᠣᠰᠬᠤᠨ ᠯᠢᠶᠡᠩᠴᠧᠩ ᠰᠢᠶᠠᠨ ᠤ ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠲᠤᠰ ᠭᠠᠵᠠᠷ ᠤᠨ ᠭᠠᠵᠠᠷ ᠤᠨ ᠪᠠᠶᠢᠴᠠ ᠨᠢ ᠲᠡᠭᠰᠢᠬᠡᠨ ᠪᠥᠭᠡᠳ ᠵᠠᠮ ᠬᠠᠷᠢᠯᠴᠠᠭ᠎ᠠ ᠳᠥᠭᠦᠮ ᠳᠥᠲᠡ ᠂ ᠵᠢᠯ ᠤᠨ ᠬᠤᠷᠠᠮᠳᠤᠯ ᠳᠤᠯᠠᠭᠠᠨ ᠥᠨᠳᠥᠷ᠂ ᠬᠢᠷᠠᠭᠤ ᠦᠭᠡᠢ ᠬᠤᠭᠤᠴᠠᠭ᠎ᠠ ᠤᠷᠳᠤ᠂ ᠡᠯᠡᠰᠦᠷᠬᠡᠭ ᠬᠥᠷᠥᠰᠥ ᠰᠢᠷᠣᠢ ᠶᠢᠨ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠲᠠᠢ᠂ ᠪᠠᠯᠲᠤ ᠬᠡᠮᠬᠡ ᠲᠠᠷᠢᠪᠠᠯ ᠮᠦ ᠪᠦᠷᠢ ᠳᠤ 7000 ᠭᠠᠷᠤᠢ ᠵᠢᠩ ᠤᠨ ᠥᠨᠳᠥᠷ ᠤᠨᠠᠯᠲᠠ ᠲᠠᠢ ᠪᠠᠶᠢᠵᠤ᠂ ᠮᠦ ᠪᠦᠷᠢ ᠳᠤ 2 ᠲᠦᠮᠡᠨ ᠲᠥᠭᠦᠷᠢᠭ ᠤᠨ ᠣᠷᠣᠯᠭ᠎ᠠ ᠣᠯᠵᠤ ᠂ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ ᠳ᠋ᠤᠩ ᠭᠧᠦ ᠮᠧᠨ ᠲᠣᠰᠬᠤᠨ ᠨᠢ ᠯᠢᠶᠡᠩᠴᠧᠩ ᠰᠢᠶᠠᠨ ᠤ ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠮᠦ ᠪᠦᠷᠢ ᠶᠢᠨ ᠣᠷᠣᠯᠭ᠎ᠠ ᠨᠢ ᠪᠠᠷᠤᠭ 2 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ ᠪᠣᠯᠪᠠᠰᠤᠷᠠᠭᠰᠠᠨ ᠤ ᠳᠠᠷᠠᠭᠠᠬᠢ ᠰᠠᠷᠠᠨ ᠰᠢᠭᠦᠳᠡᠷᠢ ᠶᠢᠨ ᠨᠢᠭᠲᠠ ᠬᠡᠮᠬᠡ ᠶᠢᠨ ᠠᠮᠲᠠ ᠨᠢ ᠲᠠᠷᠪᠤᠰ ᠰᠢᠭ᠋ ᠲᠡᠶᠢᠮᠦ ᠬᠡᠦᠷᠡᠭ ᠪᠢᠰᠢ᠂ ᠪᠠᠰᠠ ᠬᠠᠮᠢᠯ ᠬᠡᠮᠬᠡ ᠰᠢᠭ ᠲᠡᠶᠢᠮᠦ ᠵᠥᠭᠡᠯᠡᠨ ᠪᠢᠰᠢ᠂ ᠬᠠᠷᠢᠨ ᠨᠢᠭᠡ ᠵᠦᠢᠯ ᠤᠨ ᠬᠡᠦᠷᠡᠭ ᠮᠥᠷᠲᠡᠭᠡᠨ ᠵᠥᠭᠡᠯᠡᠨ᠂ ᠵᠥᠭᠡᠯᠡᠨ ᠮᠥᠷᠲᠡᠭᠡᠨ ᠠᠮᠲᠠᠲᠠᠢ ᠪᠠᠶᠢᠳᠠᠭ᠂ ᠠᠮᠲᠠᠯᠠᠭᠰᠠᠨ ᠤ ᠳᠠᠷᠠᠭ᠎ᠠ ᠠᠮᠠᠨ ᠳᠠᠭᠠᠨ ᠠᠩᠬᠢᠯᠤᠮ᠎ᠠ ᠦᠨᠦᠷ ᠲᠠᠢ ᠪᠠᠶᠢᠳᠠᠭ᠃ ᠡᠭᠦᠨ ᠠᠴᠠ ᠭᠠᠳᠠᠨ᠎ᠠ᠂ ᠪᠠᠯᠲᠤ ᠬᠡᠮᠬᠡ ᠶᠢᠨ ᠳᠣᠲᠣᠷ᠎ᠠ ᠡᠯᠪᠡᠭ ᠪᠠᠶᠠᠯᠢᠭ ᠸᠢᠲ᠋ᠠᠮᠢᠨ C ᠠᠭᠤᠯᠤᠭᠳᠠᠵᠤ᠂ ᠪᠠᠰᠠ ᠢᠳᠡᠭᠡᠨ ᠤ ᠰᠢᠷᠬᠡᠭᠯᠢᠭ᠂ ᠺᠠᠯᠼ᠂ ᠹᠣᠰᠹᠣᠷ᠂ ᠲᠡᠮᠦᠷ ᠵᠡᠷᠭᠡ ᠡᠯᠧᠮᠧᠨ᠋ᠲ ᠲᠠᠢ ᠪᠠᠶᠢᠵᠤ᠂ ᠬᠥᠮᠥᠨ ᠤ ᠪᠡᠶ᠎ᠡ ᠳᠤ ᠲᠤᠶᠢᠯ ᠤᠨ ᠠᠰᠢᠭᠲᠠᠢ ᠪᠠᠶᠢᠳᠠᠭ᠃     ᠪᠠᠯᠲᠤ ᠬᠡᠮᠬᠡ ᠶᠢᠨ ᠲᠠᠷᠢᠮᠠᠯ ᠨᠢ ᠲᠠᠷᠢᠶᠠᠴᠢᠳ ᠢ ︽ᠵᠣᠭᠤᠰᠤᠨ ᠤᠭᠤᠲᠠ︾ ᠲᠠᠢ ᠪᠣᠯᠭᠠᠵᠤ᠂ ᠬᠥᠳᠡᠭᠡ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠵᠢᠷᠭᠠᠯᠲᠠᠢ︾ ᠠᠵᠤ ᠦᠢᠯᠡᠰ ᠪᠣᠯᠭᠠᠭᠰᠠᠨ ᠪᠠᠶᠢᠨ᠎ᠠ᠃ 2023 ᠣᠨ ᠳᠤ᠂ ᠯᠢᠶᠡᠩᠴᠧᠩ ᠰᠢᠶᠠᠨ ᠤ ᠮᠠᠩᠬᠠᠨ ᠪᠠᠯᠭᠠᠰᠤᠨ ᠤ ᠳ᠋ᠦᠩ ᠭᠧᠦ ᠮᠧᠨ ᠲᠣᠰᠬᠤᠨ ᠤ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠳᠤ ᠪᠠᠰᠠ ᠰᠢᠨ᠎ᠡ ᠲᠦᠷᠦᠯ ᠵᠦᠢᠯ ᠢ ᠣᠷᠣᠭᠤᠯᠵᠤ᠂ 2023 ᠣᠨ ᠳᠤ 352 ᠮᠦ ᠳᠤ ᠬᠦᠷᠴᠡᠢ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2