ᠰᠢᠩ ᠾᠧ ᠰᠢᠶᠠᠨ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠬᠤᠳᠠᠯᠳᠤᠭᠠᠨ ᠤ ᠬᠡᠭᠡᠯᠢ ᠬᠠᠭ᠋ᠤᠤᠯᠢ ᠶᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/5
    ᠨᠢᠭᠡ ᠳᠤ ᠦᠨᠳᠦᠰᠦᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠲᠣᠬᠢᠷᠠᠭᠤᠯᠬᠤ ᠠᠵᠢᠯ ᠢ ᠵᠢᠷᠤᠮᠵᠢᠭᠤᠯᠤᠨ᠎ᠠ᠃ ᠤᠯᠤᠰ ᠤᠨ ᠦᠨᠳᠦᠰᠦᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠤᠨ ᠵᠦᠢᠯ ᠪᠠ ᠪᠠᠶᠢᠩᠭᠤ ᠬᠡᠷᠡᠭᠯᠡᠬᠦ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠵᠤ᠂ ᠰᠦᠯᠵᠢᠶᠡᠨ ᠠᠴᠠ ᠭᠠᠳᠠᠨ᠎ᠠ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ᠬᠤᠶᠠᠷ ᠲᠤ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠡᠷᠳᠡᠮ ᠰᠢᠨᠵᠢᠯᠡᠭᠡᠨ ᠤ ᠳᠡᠯᠭᠡᠷᠡᠭᠦᠯᠦᠯᠲᠡ ᠵᠡᠷᠭᠡ ᠬᠡᠯᠪᠡᠷᠢ ᠪᠠᠷ ᠡᠮ ᠤᠨ ᠬᠤᠷᠣᠭᠳᠠᠯ ᠮᠠᠲ᠋ᠧᠷᠢᠶᠠᠯ ᠢ ᠨᠡᠶᠢᠯᠡᠭᠦᠯᠦᠨ ᠪᠣᠷᠣᠯᠠᠭᠤᠯᠬᠤ ᠶᠢ ᠴᠠᠭᠠᠵᠠᠯᠠᠨ᠎ᠠ︔ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ᠂ ᠡᠷᠳᠡᠮ ᠰᠢᠨᠵᠢᠯᠡᠭᠡᠨ ᠤ ᠬᠤᠷᠠᠯ ᠤᠨ ᠵᠠᠷᠤᠳᠠᠯ᠂ ᠡᠮᠨᠡᠯᠭᠡ ᠶᠢᠨ ᠵᠠᠷᠤᠳᠠᠯ ᠢ ᠳᠡᠮᠵᠢᠬᠦ ᠵᠡᠷᠭᠡ ᠨᠡᠷ᠎ᠡ ᠪᠠᠷ ᠬᠠᠤᠯᠢ ᠪᠤᠰᠤ ᠠᠰᠢᠭ ᠲᠤᠰᠠ ᠬᠦᠷᠭᠡᠬᠦ ᠶᠢ ᠴᠠᠭᠠᠵᠠᠯᠠᠨ᠎ᠠ︔ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠭᠤᠭᠴᠤᠭ᠎ᠠ ᠳᠤ ᠡᠮᠨᠡᠯᠭᠡ ᠶᠢᠨ ᠬᠤᠷᠢᠶᠠᠨ ᠤ ᠠᠵᠢᠯᠲᠠᠨ ᠳᠤ ᠰᠠᠭᠤᠳᠬᠠᠯ ᠮᠥᠩᠭᠦ ᠥᠭᠬᠦ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ ᠶᠢ ᠴᠠᠭᠠᠵᠠᠯᠠᠨ᠎ᠠ︔ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ᠬᠡᠯᠪᠡᠷᠢ ᠶᠢ ᠨᠢ ᠥᠭᠡᠷᠡᠲᠦᠭᠦᠯᠦᠨ ᠦᠨ᠎ᠡ ᠥᠰᠬᠡᠬᠦ᠂ ᠲᠥᠷᠥᠯ ᠵᠦᠢᠯ ᠢ ᠵᠠᠳᠠᠯᠵᠤ ᠪᠠᠶᠢᠭᠠᠳ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠳᠠᠪᠬᠤᠷᠳᠠᠭᠤᠯᠤᠨ ᠬᠤᠷᠢᠶᠠᠬᠤ᠂ ᠬᠡᠷᠡᠭᠯᠡᠬᠦ ᠲᠤᠭ᠎ᠠ ᠬᠡᠮᠵᠢᠶ᠎ᠡ ᠶᠢ ᠬᠠᠭᠤᠷᠮᠠᠭ ᠢᠶᠠᠷ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠬᠤᠷᠣᠭᠳᠠᠯ ᠮᠠᠲ᠋ᠧᠷᠢᠶᠠᠯ ᠪᠤᠶᠤ ᠡᠮ ᠤᠨ ᠵᠦᠢᠯ ᠤᠨ ᠵᠠᠷᠤᠳᠠᠯ ᠢ ᠬᠡᠯᠪᠡᠷᠢ ᠶᠢ ᠨᠢ ᠥᠭᠡᠷᠡᠲᠦᠭᠦᠯᠦᠨ ᠢᠯᠡᠭᠦᠦ ᠬᠤᠷᠢᠶᠠᠬᠤ ᠶᠢ ᠴᠠᠭᠠᠵᠠᠯᠠᠨ᠎ᠠ︔ ᠲᠣᠭᠲᠠᠭᠠᠭᠰᠠᠨ ᠠᠭᠤᠯᠭ᠎ᠠ ᠪᠠ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ ᠬᠠᠳᠠᠬᠤ ᠦᠭᠡᠢ ᠪᠠᠶᠢᠬᠤ ᠶᠢ ᠴᠠᠭᠠᠵᠠᠯᠠᠨ᠎ᠠ︔ ᠦᠨ᠎ᠡ ᠬᠠᠩᠰᠢ ᠶᠢᠨ ᠥᠰᠦᠯᠲᠡ ᠶᠢᠨ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠨ ᠲᠠᠷᠬᠠᠭᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠵᠤ᠂ ᠡᠮ ᠡᠮᠨᠡᠯᠭᠡ ᠶᠢᠨ ᠦᠨ᠎ᠡ ᠬᠠᠩᠰᠢ ᠶᠢᠨ ᠬᠡᠳᠦ ᠥᠨᠳᠥᠷ ᠬᠡᠳᠦ ᠲᠦᠷᠭᠡᠨ ᠥᠰᠦᠯᠲᠡ ᠶᠢ ᠲᠦᠯᠬᠢᠨ ᠠᠬᠢᠭᠤᠯᠬᠤ ᠶᠢ ᠴᠠᠭᠠᠵᠠᠯᠠᠨ᠎ᠠ︔ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠠᠷᠢᠯᠴᠠᠨ ᠰᠥᠯᠪᠡᠭᠡᠯᠳᠦᠨ ᠡᠵᠡᠮᠳᠡᠵᠦ᠂ ᠪᠤᠰᠤᠳ ᠡᠵᠡᠩᠨᠡᠭᠴᠢᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠴᠠᠭᠠᠵᠠᠯᠠᠨ᠎ᠠ︔ ᠡᠮᠴᠢᠯᠡᠭᠡᠨ ᠤ ᠡᠮ ᠤᠨ ᠵᠦᠢᠯ ᠤᠨ ᠬᠤᠳᠠᠯ ᠬᠠᠭᠤᠷᠮᠠᠭ ᠬᠠᠤᠯᠢ ᠵᠥᠷᠢᠴᠡᠭᠰᠡᠨ ᠵᠠᠷ ᠨᠡᠶᠢᠲᠡᠯᠡᠬᠦ ᠶᠢ ᠴᠠᠭᠠᠵᠠᠯᠠᠨ᠎ᠠ᠃     ᠭᠤᠷᠪᠠ ᠳᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠵᠡᠩᠨᠡᠭᠴᠢ ᠶᠢ ᠰᠠᠨᠠᠭᠤᠯᠵᠤ ᠰᠡᠷᠡᠮᠵᠢᠯᠡᠭᠦᠯᠬᠦ ᠠᠭᠤᠯᠭ᠎ᠠ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠥᠪᠡᠷ ᠤᠨ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠢ︔ ᠰᠠᠨᠠᠭᠤᠯᠵᠤ ᠰᠡᠷᠡᠮᠵᠢᠯᠡᠭᠦᠯᠦᠭᠰᠡᠨ ᠪᠠᠶᠢᠲᠠᠯ᠎ᠠ ᠮᠥᠨ ᠵᠠᠯᠠᠷᠠᠭᠤᠯᠬᠤ ᠦᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃     ᠬᠤᠶᠢᠰᠢᠳᠠ ᠰᠢᠩ ᠾᠧ ᠰᠢᠶᠠᠨ ᠤ ᠬᠢᠨ ᠦᠷᠭᠦᠯᠵᠢᠯᠡᠨ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠣᠪᠣᠷ ᠢ ᠰᠠᠶᠢᠵᠢᠷᠠᠭᠤᠯᠬᠤ᠂ ᠬᠠᠷᠢᠭᠤ ᠬᠠᠷᠠᠮᠵᠢ  ᠶᠢ ᠬᠤᠷᠢᠭᠯᠠᠬᠤ᠂ ︽ᠤᠯᠠᠭᠠᠨ ᠪᠠᠭᠯᠠᠭ᠎ᠠ︾ ᠶᠢ ᠬᠢᠵᠠᠭᠠᠷᠯᠠᠬᠤ ᠵᠡᠷᠭᠡ ᠪᠠᠷ ᠭᠤᠣᠯᠳᠠᠯᠭ᠎ᠠ ᠪᠣᠯᠭᠠᠵᠤ᠂ ᠣᠯᠠᠨ ᠲᠦᠮᠡᠨ ᠤ ᠡᠮ ᠤᠤᠭᠤᠬᠤ ᠠᠮᠤᠷ ᠲᠦᠪᠰᠢᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠪᠡᠳᠴᠢᠲᠡᠨ ᠵᠢᠴᠢ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠣᠳᠠᠲᠠᠢ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠭᠤᠣᠯᠳᠠᠯᠭ᠎ᠠ ᠲᠠᠢ ᠰᠠᠯᠠᠭ᠎ᠠ ᠮᠥᠴᠢᠷ᠂ ᠭᠤᠣᠯᠳᠠᠯᠭ᠎ᠠ ᠲᠠᠢ ᠭᠤᠭᠴᠤᠭ᠎ᠠ ᠶᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠨᠡᠶᠢᠲᠡᠯᠢᠭ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡ ᠪᠠᠷ ᠢᠯᠡᠴᠢᠯᠡᠵᠦ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠬᠤᠳᠠᠯᠳᠤᠭᠠᠨ ᠤ ᠬᠡᠭᠡᠯᠢ ᠬᠠᠭ᠋ᠤᠤᠯᠢ ᠶᠢᠨ ᠲᠤᠰᠬᠠᠢ ᠵᠦᠢᠯ ᠢ ᠴᠡᠭᠴᠡᠯᠡᠨ ᠵᠠᠰᠠᠬᠤ ᠠᠵᠢᠯ ᠤᠨ ᠲᠠᠷᠠᠭᠠᠴᠢ ᠶᠢᠨ ᠱᠠᠲᠤᠨ ᠳᠤ ᠨᠡᠩ ᠰᠠᠶᠢᠨ ᠠᠮᠵᠢᠯᠲᠠ ᠪᠦᠲᠦᠮᠵᠢ ᠲᠠᠢ ᠪᠣᠯᠭᠠᠨ᠎ᠠ᠃                                            ᠤᠷᠴᠢᠭᠤᠯᠤᠭᠴᠢ᠄ ᠬᠦᠰᠡᠯ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2