9 ᠰᠠᠷ᠎ᠠ ᠶᠢᠨ 5 ᠤ ᠡᠳᠦᠷ᠂ 2023 ᠣᠨ ᠤ ᠪᠥᠬᠦ ᠬᠤᠲᠠ ᠶᠢᠨ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠣᠯᠪᠠᠰᠤᠷᠠᠯ ᠶᠠᠪᠤᠭᠳᠠᠪᠠ᠃ | ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠠᠵᠢᠯᠯᠠᠭ᠎ᠠ ᠳᠤ ᠣᠷᠣᠯᠴᠠᠪᠠ᠃ | ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 1 ᠡᠳᠦᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠭᠠᠵᠠᠷ ᠤᠨ ᠳᠠᠷᠤᠭ᠎ᠠ | ᠬᠤᠸᠠᠩ ᠸᠧᠢ ᠶᠢ ᠣᠨᠴᠠᠭᠠᠶᠢᠯᠠᠨ ᠤᠷᠢᠵᠤ᠂ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ ᠠᠴᠠ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ | ᠲᠦᠷᠭᠡᠪᠴᠢᠯᠡᠨ ᠪᠡᠶᠡᠯᠡᠭᠦᠯᠬᠦ︾ ᠪᠠᠷ ᠰᠡᠳᠦᠪ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ | ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠪᠠ ᠱᠠᠭᠠᠷᠳᠠᠯᠭ᠎ᠠ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠰᠡᠳᠬᠢᠴᠡ ᠠᠷᠭ᠎ᠠ ᠬᠡᠮᠵᠢᠶ᠎ᠡ ᠵᠡᠷᠭᠡ ᠴᠢᠬᠤᠯᠠ ᠠᠭᠤᠯᠭ᠎ᠠ ᠶᠢᠨ ᠲᠣᠭᠤᠷᠢᠨ ᠳᠤ ᠲᠤᠰᠬᠠᠢ | ᠰᠡᠳᠦᠪ ᠢᠶᠠᠷ ᠬᠢᠴᠢᠶᠡᠯᠯᠡᠪᠡ᠃ | ︽ᠪᠣᠯᠪᠠᠰᠤᠷᠠᠯ ᠤᠨ ᠠᠭᠤᠯᠭ᠎ᠠ ᠶᠢᠨ ᠭᠤᠣᠯ ᠰᠡᠳᠦᠪ ᠨᠢ ᠲᠣᠳᠣᠷᠬᠠᠢ᠂ ᠰᠤᠷᠬᠤ ᠳᠤ ᠬᠢᠯᠪᠠᠷ᠂ | ᠣᠶᠢᠯᠠᠭᠠᠬᠤ ᠳᠤ ᠬᠢᠯᠪᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ᠃︾ ᠪᠣᠯᠪᠠᠰᠤᠷᠠᠯ ᠳᠤ | ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ | ᠪᠣᠯᠪᠠᠰᠤᠷᠠᠯ ᠤᠨ ᠠᠭᠤᠯᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠠᠭᠤᠰᠤᠯᠴᠠᠭᠤᠯᠤᠨ ᠬᠡᠷᠡᠭᠯᠡᠵᠦ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |