ᠰᠦᠢ ᠸᠧᠢ ᠵᠢᠶᠦ᠋ᠨ ᠱᠠᠩᠳᠤ ᠰᠢᠶᠠᠨ ᠳᠤ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/6
   9 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠱᠠᠩᠳᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ᠂ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠪᠠᠶᠢᠴᠠᠭᠠᠨ ᠰᠤᠳᠤᠯᠵᠠᠢ᠃    ᠱᠠᠩᠳᠤ ᠰᠢᠶᠠᠨ ᠤ ᠰᠢ ᠹᠠᠩ ᠽᠢ ᠲᠣᠰᠬᠤᠨ᠂ ᠪᠧᠢ ᠳ᠋ᠠ ᠲᠣᠰᠬᠤᠨ᠂ ᠴᠢᠤᠸᠠᠨ ᠨᠣᠣ ᠽᠢ ᠲᠣᠰᠬᠤᠨ ᠪᠣᠯᠣᠨ ᠴᠢᠶᠠᠨ ᠬᠠᠢ ᠽᠢ ᠲᠣᠰᠬᠤᠨ ᠳᠤ᠂ ᠰᠦᠢ ᠸᠧᠢ ᠵᠢᠶᠦ᠋ᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠷᠦᠭᠡ ᠳᠤ ᠬᠦᠷᠴᠦ ᠦᠵᠡᠬᠦ᠂ ᠲᠤᠬᠠᠢ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠨᠴᠠᠯᠢᠭᠲᠤ ᠠᠵᠤ ᠦᠢᠯᠡᠰ ᠢ ᠬᠡᠷᠬᠢᠨ ᠬᠦᠴᠦᠷᠬᠡᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠡᠷᠬᠢᠨ ᠪᠤᠵᠠᠭᠠᠶᠢᠷᠠᠭᠤᠯᠬᠤ ᠶᠢ ᠨᠠᠷᠢᠨ ᠬᠢᠨᠠᠮᠠᠭᠠᠢ ᠰᠤᠳᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠤᠰᠤ ᠬᠡᠷᠡᠭᠯᠡᠬᠦ ᠦᠵᠡᠯᠲᠡ ᠪᠠᠨ ᠬᠤᠪᠢᠷᠠᠭᠤᠯᠵᠤ᠂ ᠤᠰᠤ ᠠᠷᠪᠢᠯᠠᠬᠤ ᠤᠬᠠᠮᠰᠠᠷ ᠢᠶᠠᠨ ᠨᠡᠮᠡᠭᠳᠡᠭᠦᠯᠦᠨ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠠᠷᠪᠢᠯᠠᠬᠤ ᠲᠠᠷᠢᠶᠠᠯᠠᠩ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢ ᠤᠬᠠᠭᠤᠯᠬᠤ᠂ ᠬᠢᠨᠠᠯᠲᠠ ᠲᠠᠯᠪᠢᠵᠤ ᠰᠢᠯᠭᠠᠨ ᠠᠪᠬᠤ ᠶᠢ ᠴᠢᠩᠭᠠᠳᠬᠠᠵᠤ᠂ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ ᠴᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠲᠡᠷᠡ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠬᠤᠵᠢᠷᠯᠢᠭ ᠭᠠᠵᠠᠷ ᠢ ᠵᠠᠰᠠᠬᠤ ᠡᠷᠴᠢᠮ ᠢ ᠴᠢᠩᠭᠠᠷᠠᠭᠤᠯᠵᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠪᠦᠲᠦᠮᠵᠢᠲᠡᠢ ᠵᠠᠰᠠᠯᠲᠠ ᠶᠢᠨ ᠵᠠᠭᠪᠤᠷ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠾᠧᠩ ᠳ᠋ᠧ ᠺᠠᠩ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠠᠮᠢᠯᠠ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠣᠶᠤᠨᠴᠢᠯᠠᠭᠰᠠᠨ᠂ ᠠᠦ᠋ᠲ᠋ᠣᠴᠢᠯᠠᠭᠰᠠᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠪᠠ᠃    ᠡᠨᠡ ᠬᠤᠭᠤᠴᠠᠭᠠᠨ ᠳᠤ᠂ ᠰᠦᠢ ᠸᠧᠢ ᠵᠢᠶᠦ᠋ᠨ ᠪᠠᠰᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠬᠡ ᠲᠠᠢ ᠭᠦᠨᠵᠡᠭᠡᠢ ᠶᠠᠷᠢᠯᠴᠠᠵᠤ᠂ ᠲᠥᠮᠥᠰᠥ᠂ ᠡᠷᠳᠡᠨᠢ ᠰᠢᠰᠢ ᠶᠢᠨ ᠨᠠᠮᠤᠷ ᠤᠨ ᠬᠤᠷᠢᠶᠠᠯᠲᠠ ᠶᠢᠨ ᠠᠬᠢᠴᠠ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ ᠵᠡᠷᠭᠡ ᠶᠢ ᠨᠠᠷᠢᠨ ᠣᠶᠢᠯᠠᠭᠠᠪᠠ᠃    ᠯᠢᠦ ᠭᠦᠸᠧ ᠭᠠᠩ ᠣᠷᠣᠯᠴᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2