| | ᠨᠢᠭᠡ ᠳᠤ ᠨᠢᠭᠡ ᠪᠦᠯᠦᠭ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠡᠨᠡ ᠵᠢᠯ᠂ ᠨᠢᠭᠡᠨᠲᠡ 218 ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠤᠭᠰᠠᠨ ᠪᠠᠶᠢᠨ᠎ᠠ᠂ ᠡᠭᠦᠨ ᠳᠤ 214 ᠥᠪᠡᠷᠮᠢᠴᠡ ᠴᠢᠨᠠᠷ ᠤᠨ | ᠠᠰᠠᠭᠤᠳᠠᠯ ︵ᠭᠠᠷ ᠭᠦᠢᠴᠡᠳᠬᠡᠯ ᠬᠢᠬᠦ ᠲᠥᠷᠥᠯ 159᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠥᠷᠥᠯ | 10᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠷᠥᠯ 7᠂ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠲᠥᠷᠥᠯ 18᠂ ᠰᠠᠭᠤᠷᠢ ᠲᠥᠬᠦᠭᠡᠷᠦᠮᠵᠢ ᠶᠢᠨ ᠲᠥᠷᠥᠯ 4᠂ ᠪᠤᠰᠤᠳ 20︶᠂ 4 ᠨᠡᠶᠢᠲᠡᠯᠢᠭ ᠴᠢᠨᠠᠷᠲᠠᠢ | ᠠᠰᠠᠭᠤᠳᠠᠯ ᠪᠠᠭᠲᠠᠨ᠎ᠠ᠃ ᠣᠳᠣᠬᠠᠨ ᠳᠤ᠂ ᠥᠪᠡᠷᠮᠢᠴᠡ ᠴᠢᠨᠠᠷ ᠤᠨ ᠠᠰᠠᠭᠤᠳᠠᠯ ᠢ ᠨᠢᠭᠡᠨᠲᠡ 197 | ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 92% ᠪᠣᠯᠵᠠᠢ᠃ | ᠬᠤᠶᠠᠷ ᠲᠤ ᠨᠢᠭᠡ ᠪᠦᠯᠦᠭ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠵᠠᠳᠠᠯᠤᠨ ᠡᠮᠬᠢᠯᠡᠬᠦ ᠪᠠᠷ ᠳᠡᠮᠵᠢᠨ᠂ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠦᠭᠡᠮᠡᠯ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠤᠳᠤᠯᠤᠨ ᠲᠣᠭᠲᠠᠭᠠᠪᠠ᠃ 2022 ᠣᠨ ᠠᠴᠠ | ᠣᠲᠣ ᠪᠣᠯᠲᠠᠯ᠎ᠠ᠂ ᠲᠦᠭᠡᠮᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡ 9 ᠵᠤᠷᠪᠤᠰ ᠨᠡᠶᠢᠲᠡᠯᠡᠪᠡ᠃ | ᠭᠤᠷᠪᠠ ᠳᠤ ᠨᠢᠭᠡ ᠢᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠪᠠᠷ ᠳᠠᠮᠵᠢᠭᠤᠯᠤᠨ᠂ ᠥᠩᠭᠡᠷᠡᠭᠰᠡᠨ ᠤ ︽ᠠᠵᠤ ᠠᠬᠤᠶᠢᠯᠠᠯ ᠦᠢᠯᠡᠴᠢᠯᠡᠭᠡ ᠡᠷᠢᠵᠦ︾ ᠪᠠᠶᠢᠭᠰᠠᠨ | ᠠᠴᠠ ᠪᠠᠨ ︽ᠵᠠᠰᠠᠭ ᠤᠨ ᠣᠷᠳᠣᠨ ᠦᠢᠯᠡᠴᠢᠯᠡᠭᠡ ᠬᠦᠷᠭᠡᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ︔ | ᠬᠤᠷᠠᠮᠠᠯ ᠦᠢᠯᠡᠴᠢᠯᠡᠭᠡ ᠪᠠᠷ ᠳᠠᠮᠵᠢᠭᠤᠯᠤᠨ᠂ ︽ᠣᠯᠠᠨ ᠰᠠᠯᠠᠭ᠎ᠠ ᠮᠥᠴᠢᠷ ᠣᠯᠠᠨ ᠲᠠᠯ᠎ᠠ ᠠᠴᠠ ᠡᠷᠭᠢᠯᠡᠬᠦ︾ ᠶᠢ ︽ | ᠦᠢᠯᠡᠴᠢᠯᠡᠭᠡᠨ ᠤ ᠲᠤᠰᠬᠠᠢ ᠠᠩᠭᠢ ᠳᠤ ᠪᠥᠬᠦᠳᠡ ᠶᠢ ᠡᠵᠡᠨ ᠮᠡᠳᠡᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ︔ | ᠪᠥᠬᠦ ᠶᠠᠪᠤᠴᠠ ᠳᠤ ᠦᠢᠯᠡᠴᠢᠯᠡᠬᠦ ᠪᠠᠷ ᠳᠠᠮᠵᠢᠭᠤᠯᠤᠨ᠂ ︽ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂ | ᠦᠢᠯᠡᠴᠢᠯᠡᠭᠡ ᠶᠢ ᠬᠥᠩᠭᠡᠪᠴᠢᠯᠡᠬᠦ︾ ᠶᠢ ︽ᠪᠥᠬᠦ ᠶᠠᠪᠤᠴᠠ ᠪᠠᠷ᠂ ᠬᠠᠪᠰᠤᠷᠤᠨ ᠣᠷᠣᠯᠠᠨ ᠭᠦᠢᠴᠡᠳᠬᠡᠬᠦ︾ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ︽ᠦᠢᠯᠡᠴᠢᠯᠡᠭᠡᠨ ᠤ ᠳᠠᠭᠠᠭᠠᠴᠢᠯᠠᠯᠲᠠ︾ ᠶᠢ ᠳᠠᠭᠠᠭᠠᠴᠢᠯᠠᠨ ᠬᠠᠷᠢᠯᠴᠠᠭᠰᠠᠨ | ᠤᠳᠤᠷᠢᠳᠤᠯᠭ᠎ᠠ ᠶᠡᠷᠦᠩᠬᠡᠶᠢᠯᠡᠨ ᠬᠠᠷᠢᠭᠤᠴᠠᠵᠤ᠂ ᠤᠯᠠᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ | ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠦᠢᠯᠡᠴᠢᠯᠡᠭᠡᠨ ᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠺᠠᠳ᠋ᠷ ᠤᠨ | ᠰᠤᠷᠲᠠᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ | ᠤᠳᠠᠭᠠᠨ︾ ᠢ ᠪᠦᠲᠦᠮᠵᠢᠲᠡᠢ ᠰᠢᠢᠳᠪᠦᠷᠢᠯᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |