ᠯᠢᠶᠡᠩᠴᠧᠩ ᠬᠤᠲᠠ ᠶᠢᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ︵ᠠᠭᠠᠷ ᠤᠨ ᠠᠶᠠᠯᠠᠯ ᠤᠨ ᠣᠶ ᠰᠢᠭᠤᠢ ᠬᠠᠮᠠᠭᠠᠯᠠᠬᠤ ᠥᠷᠲᠡᠭᠡ︶ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠬᠦᠨ ᠢ ᠳᠠᠭᠤᠰᠬᠠᠪᠡ
ᠨᠡᠶᠢᠲᠡᠯᠡᠭᠰᠡᠨ ᠴᠠᠭ᠄
2023/9/7
    ᠯᠢᠶᠡᠩᠴᠧᠩ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠯᠢᠶᠡᠩᠴᠧᠩ ᠤᠨ ᠠᠭᠠᠷ ᠤᠨ ᠠᠶᠠᠯᠠᠯ  ᠤᠨ ᠤᠢ ᠰᠢᠭᠤᠢ ᠬᠠᠮᠠᠭᠠᠯᠠᠬᠤ ᠥᠷᠳᠡᠭᠡ ᠶᠢᠨ ᠬᠠᠮᠲᠤᠷᠠᠨ ᠪᠠᠶᠢᠭᠤᠯᠬᠤ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠡᠭᠦᠨ  ᠳᠤ᠂ ᠠᠭᠠᠷ ᠤᠨ ᠠᠶᠠᠯᠠᠯ ᠤᠨ ᠤᠢ ᠰᠢᠭᠤᠢ ᠬᠠᠮᠠᠭᠠᠯᠠᠬᠤ ᠥᠷᠳᠡᠭᠡ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.02 ᠳ᠋ᠦᠩᠰᠢᠭᠤᠷ ᠲᠥᠭᠦᠷᠢᠭ ᠪᠠᠶᠢᠵᠤ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠠᠭᠠᠷ ᠤᠨ ᠠᠶᠠᠯᠠᠯ ᠤᠨ ᠥᠷᠳᠡᠭᠡ ᠶᠢᠨ ᠶᠡᠷᠦᠩᠬᠡᠶᠢᠯᠡᠭᠰᠡᠨ ᠠᠰᠠᠷ᠂ 1200 ᠮᠧᠲᠷ ᠤᠨ ᠭᠦᠶᠦᠯᠲᠡ ᠶᠢᠨ ᠵᠠᠮ᠂ 7 ᠨᠢᠰᠬᠡᠯ ᠵᠣᠭᠰᠣᠬᠤ ᠭᠠᠵᠠᠷ ᠵᠡᠷᠭᠡ ᠬᠠᠮᠢᠶ᠎ᠠ ᠪᠦᠬᠦᠢ ᠳᠠᠭᠠᠯᠲᠠ ᠳᠦᠬᠦᠬᠡᠷᠦᠮᠵᠢ ᠶᠢ ᠪᠠᠭᠲᠠᠭᠠᠨ᠎ᠠ᠃     ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ 2022 ᠣᠨ ᠤ 5 ᠰᠠᠷ᠎ᠠ ᠶᠢᠨ 23  ᠤ ᠡᠳᠦᠷ ᠠᠴᠠ ᠡᠬᠢᠯᠡᠭᠦᠯᠵᠦ᠂ ᠨᠢᠭᠡᠳᠦᠭᠡᠷ ᠬᠤᠭᠤᠴᠠᠭᠠᠨ ᠤ ᠶᠡᠷᠦᠩᠬᠡᠢ ᠪᠡᠯᠡ ᠣᠷᠣᠭᠤᠯᠤᠯᠲᠠ  ᠨᠢ 2800 ᠲᠦᠮᠡᠨ ᠲᠥᠭᠦᠷᠢᠭ ᠲᠤ ᠬᠦᠷᠴᠦ᠂ 9 ᠰᠠᠷ᠎ᠠ ᠶᠢᠨ 5 ᠤ ᠡᠳᠦᠷ ᠪᠣᠯᠲᠠᠯ᠎ᠠ᠂ 180 ᠮᠧᠲᠷ ᠤᠷᠳᠤ᠂ 33 ᠮᠧᠲᠷ ᠥᠷᠭᠡᠨ ᠭᠦᠶᠦᠯᠲᠡ ᠶᠢᠨ ᠵᠠᠮ ᠨᠢᠭᠡ ᠵᠤᠷᠪᠤᠰ᠂ ᠡᠭᠴᠡ ᠨᠢᠰᠬᠡᠯ ᠤᠨ ᠵᠣᠭᠰᠣᠭᠠᠯ 2 ᠰᠠᠭᠤᠷᠢ ᠵᠢᠴᠢ ᠬᠤᠯᠪᠣᠭ᠎ᠠ ᠠᠪᠬᠤ ᠵᠠᠮ ᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ 3914.32 ᠲᠡᠭᠰᠢ ᠳᠥᠷᠪᠡᠯᠵᠢᠨ ᠮᠧᠲᠷ ᠤᠨ ᠠᠶᠠᠯᠠᠯ ᠤᠨ ᠦᠷᠳᠡᠭᠡ ᠶᠢᠨ ᠶᠡᠷᠦᠩᠬᠡᠶᠢᠯᠡᠭᠰᠡᠨ ᠠᠰᠠᠷ ᠪᠣᠯᠣᠨ 264.93 ᠲᠡᠭᠰᠢ ᠳᠥᠷᠪᠡᠯᠵᠢᠨ ᠮᠧᠲᠷ ᠤᠨ ᠳᠠᠭᠠᠯᠲᠠ ᠬᠡᠷᠡᠭᠯᠡᠭᠡᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠵᠢᠴᠢ ᠳᠠᠭᠠᠯᠲᠠ ᠪᠠᠷᠢᠯᠭ᠎ᠠ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠬᠦᠨ ᠢ ᠪᠠᠷᠢᠵᠤ ᠳᠠᠭᠤᠰᠬᠠᠪᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2