ᠵᠢᠨᠢᠩ ᠲᠣᠭᠤᠷᠢᠭ ᠤᠨ ᠬᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠲᠣᠣᠷ ᠬᠤᠷᠢᠶᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/7
     ᠤᠶᠢᠷ᠎ᠡ ᠶᠢᠨ ᠡᠳᠦᠷ᠂ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠲᠥᠪᠯᠡᠷᠡᠭᠦᠯᠦᠨ ᠬᠤᠷᠢᠶᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠳᠤ ᠲᠥᠪᠯᠡᠷᠡᠭᠦᠯᠦᠨ ᠲᠤᠤᠷ ᠢ ᠬᠤᠷᠢᠶᠠᠬᠤ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠣᠨ ᠤ ᠤᠯᠠᠷᠢᠯ ᠤᠨ ᠠᠵᠢᠯᠯᠠᠭ᠎ᠠ︾ ︽ᠤᠮᠠᠷᠠᠲᠤ ᠬᠢᠯᠢ ᠶᠢᠨ ᠬᠤᠷᠴᠠ ᠰᠡᠯᠡᠮ᠎ᠡ 2023︾ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠬᠤ ᠶᠢᠨ ᠬᠦᠴᠦᠲᠡᠢ ᠭᠠᠷᠳᠠᠴᠠ ᠮᠥᠨ᠂ ᠪᠠᠰᠠ ᠴᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃     ᠬᠤᠷᠠᠯ ᠤᠨ ᠲᠠᠷᠠᠭ᠎ᠠ᠂ 100 ᠭᠠᠷᠤᠢ ᠰᠢᠯᠢᠳᠡᠭ ᠴᠠᠭᠳᠠᠭ᠎ᠠ ᠶᠢᠨ ᠬᠦᠴᠦᠨ ᠢᠶᠠᠷ ᠪᠦᠷᠢᠯᠳᠦᠭᠰᠡᠨ 40 ᠪᠠᠷᠢᠪᠴᠢᠯᠠᠬᠤ ᠳᠤᠭᠤᠶᠢᠯᠠᠩ ᠲᠣᠭᠲᠠᠭᠰᠠᠨ ᠲᠥᠰᠥᠯ ᠶᠣᠰᠣᠭᠠᠷ ᠦᠳᠲᠡᠷ ᠲᠦᠷᠭᠡᠨ ᠢᠶᠠᠷ ᠪᠦᠬᠦ ᠤᠯᠤᠰ ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠬᠦᠷᠴᠦ ᠪᠠᠷᠢᠪᠴᠢᠯᠠᠬᠤ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠳᠤ ᠣᠷᠣᠯᠴᠠᠭᠰᠠᠨ ᠪᠦᠬᠦ ᠠᠷᠠᠳ ᠤᠨ ᠴᠠᠭᠳᠠᠭ᠎ᠠ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠡᠳᠦᠷ ᠰᠥᠨᠢ ᠦᠭᠡᠢ ᠪᠣᠭᠤᠮᠲᠠ ᠰᠢᠪᠲᠤᠯᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠦᠷᠭᠦᠯᠵᠢᠯᠡᠨ ᠪᠠᠶᠢᠯᠳᠤᠵᠤ᠂ ᠬᠤᠪᠢᠶᠠᠷᠢ ᠲᠣᠪᠴᠢᠶ᠎ᠠ ᠶᠢᠨ ᠲᠥᠪᠯᠡᠷᠡᠭᠦᠯᠦᠨ ᠲᠣᠣᠷ ᠢ ᠬᠤᠷᠢᠶᠠᠬᠤ ᠠᠵᠢᠯᠯᠠᠭ᠎ᠠ ᠶᠢᠨ ᠵᠢᠯᠤᠭᠤᠳᠬᠤ ᠭᠠᠵᠠᠷ ᠤᠨ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠤᠭᠰᠠᠨ ᠢᠶᠠᠷ᠂ ᠲᠤᠬᠠᠢ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠤ ᠪᠦᠬᠦ ᠬᠦᠴᠦᠨ ᠤ ᠬᠠᠮᠵᠢᠯᠴᠠᠭ᠎ᠠ ᠪᠠᠷ᠂ ᠪᠠᠷᠢᠪᠴᠢᠯᠠᠬᠤ ᠠᠵᠢᠯ ᠤᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠬᠦᠴᠦᠯᠡᠨ ᠠᠬᠢᠭᠤᠯᠵᠠᠢ᠃    9 ᠰᠠᠷ᠎ᠠ ᠶᠢᠨ 6 ᠤ ᠡᠳᠦᠷ ᠪᠣᠯᠲᠠᠯ᠎ᠠ ᠵᠢᠨᠢᠩ ᠤᠨ ᠴᠠᠭᠳᠠᠭᠠᠨ ᠤ ᠲᠠᠯ᠎ᠠ ᠶᠢᠨ ᠬᠢᠨ ᠬᠠᠤᠯᠢ ᠠᠴᠠ ᠵᠥᠷᠢᠴᠡᠭᠰᠡᠨ 72 ᠶᠠᠯᠠᠲᠤ ᠡᠲᠡᠭᠡᠳ ᠢ ᠪᠠᠷᠢᠪᠴᠢᠯᠠᠭᠠᠳ᠂ ᠲᠥᠪᠯᠡᠷᠡᠭᠦᠯᠦᠨ ᠲᠤᠤᠷ ᠢ ᠬᠤᠷᠢᠶᠠᠬᠤ ᠠᠵᠢᠯᠯᠠᠭ᠎ᠠ ᠶᠢ ᠡᠮᠬᠢ ᠵᠢᠷᠤᠮ  ᠲᠠᠢ ᠪᠠᠷ ᠶᠠᠪᠤᠭᠳᠠᠭᠤᠯᠵᠤ ᠪᠠᠶᠢᠨ᠎ᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2