| | 9 ᠰᠠᠷ᠎ᠠ ᠶᠢᠨ 4 ᠤ ᠡᠳᠦᠷ ᠠᠴᠠ ᠡᠬᠢᠯᠡᠨ᠂ 2023 ᠣᠨ ᠤ ᠳᠠᠭ᠎ᠠ ᠶᠢᠨ ᠨᠠᠭᠤᠷ ᠤᠨ ᠠᠮᠢ ᠠᠬᠤᠢ ᠶᠢᠨ | ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠡᠪᠦᠯ ᠤᠨ ᠤᠯᠠᠷᠢᠯ ᠤᠨ ᠤᠰᠤ ᠨᠥᠬᠦᠪᠦᠷᠢᠯᠡᠬᠦ ᠠᠵᠢᠯ ᠢ | ᠵᠢᠩᠬᠢᠨᠢ ᠪᠠᠷ ᠡᠬᠢᠯᠡᠭᠦᠯᠵᠦ᠂ ᠬᠠᠲᠤᠨ ᠭᠤᠣᠯ ᠤᠨ ᠡᠨᠡ ᠵᠢᠯ ᠤᠨ ᠬᠤᠶᠠᠳᠠᠭᠢ ᠤᠳᠠᠭᠠᠨ ᠤ ᠳᠠᠭ᠎ᠠ ᠶᠢᠨ ᠨᠠᠭᠤᠷ ᠲᠤ | ᠤᠰᠤ ᠨᠥᠬᠦᠪᠦᠷᠢᠯᠡᠬᠦ ᠠᠵᠢᠯ ᠤᠨ ᠬᠥᠰᠢᠭᠡ ᠶᠢ ᠨᠡᠭᠡᠭᠡᠭᠰᠡᠨ ᠪᠠᠶᠢᠨ᠎ᠠ᠃ ᠳᠠᠭ᠎ᠠ ᠶᠢᠨ ᠨᠠᠭᠤᠷ ᠤᠨ ᠠᠮᠢ ᠠᠬᠤᠢ ᠶᠢᠨ | ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠪᠣᠯ ᠳᠠᠭ᠎ᠠ ᠶᠢᠨ ᠨᠠᠭᠤᠷ ᠤᠨ ᠤᠰᠤᠨ ᠤ ᠠᠮᠢ | ᠠᠬᠤᠢ ᠶᠢ ᠶᠡᠷᠦᠩᠬᠡᠶᠢᠯᠡᠨ ᠵᠠᠰᠠᠬᠤ ︽ᠳᠣᠲᠣᠭᠠᠳᠤ ᠳᠠᠭᠠᠨ ᠵᠠᠰᠠᠵᠤ ᠭᠠᠳᠠᠨ᠎ᠠ ᠠᠴᠠ ᠣᠷᠣᠭᠤᠯᠬᠤ︾ ᠴᠢᠬᠤᠯᠠ | ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠪᠠᠷᠢᠯᠭ᠎ᠠ ᠶᠢᠨ ᠵᠢᠷᠤᠵᠤ ᠲᠥᠯᠥᠪᠯᠡᠭᠰᠡᠨ ᠤᠰᠤ ᠲᠠᠲᠠᠬᠤ ᠬᠡᠮᠵᠢᠶ᠎ᠡ ᠨᠢ 3. | 02 ᠪᠣᠰᠤᠭ᠎ᠠ ᠳᠥᠷᠪᠡᠯᠵᠢᠨ ᠮᠧᠲᠷ \ ᠰᠧᠺᠦ᠋ᠨ᠋ᠳ᠋ ᠲᠤ ᠬᠦᠷᠴᠦ᠂ ᠵᠢᠯ ᠤᠨ ᠬᠠᠮᠤᠭ ᠶᠡᠭᠡ ᠤᠰᠤ ᠲᠠᠲᠠᠬᠤ | ᠬᠡᠪᠴᠢᠶ᠎ᠡ ᠨᠢ 4466 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠵᠢᠯ ᠤᠨ ᠳᠤᠮᠳᠠᠴᠢ ᠤᠰᠤ ᠲᠠᠲᠠᠬᠤ | ᠴᠠᠭ ᠨᠢ 169 ᠡᠳᠦᠷ ᠪᠠᠶᠢᠵᠤ᠂ ︽ᠭᠤᠷᠪᠠᠨ ᠳᠡᠰ ᠤᠨ ᠳᠠᠷᠤᠯᠲᠠ + ᠬᠤᠶᠠᠷ ᠳᠡᠰ ᠤᠨ ᠬᠦᠨᠳᠦ ᠶᠢᠨ ᠬᠦᠴᠦ︾ | ᠪᠠᠷ ᠤᠰᠤ ᠳᠠᠮᠵᠢᠭᠤᠯᠬᠤ ᠲᠥᠰᠥᠯ ᠢ ᠬᠡᠷᠡᠭᠯᠡᠵᠦ᠂ ᠶᠡᠷᠦᠩᠬᠡᠢ ᠤᠰᠤ ᠳᠠᠮᠵᠢᠭᠤᠯᠬᠤ ᠵᠠᠢ ᠨᠢ ᠪᠠᠷᠤᠭ 134.24 | ᠺᠢᠯᠣᠮᠧᠲᠷ ᠪᠠᠶᠢᠵᠤ᠂ ᠪᠠᠷᠢᠯᠭ᠎ᠠ ᠶᠢᠨ ᠭᠤᠣᠯ ᠪᠠᠷᠢᠯᠭ᠎ᠠ ᠳᠤ 3 ᠬᠥᠭᠡᠷᠭᠡ ᠶᠢᠨ ᠥᠷᠲᠡᠭᠡ᠂ 3 ᠨᠦᠬᠡᠨ ᠵᠠᠮ᠂ 1 | ᠡᠯᠡᠰᠦ ᠲᠤᠩᠭᠠᠬᠤ ᠲᠠᠲᠠᠭᠠᠯ᠂ ᠨᠢᠭᠡ ᠤᠰᠤ ᠭᠠᠷᠭᠠᠬᠤ ᠲᠠᠲᠠᠭᠠᠯ ᠵᠢᠴᠢ 123.09 ᠺᠢᠯᠣᠮᠧᠲᠷ ᠤᠨ ᠤᠰᠤ | ᠳᠠᠮᠵᠢᠭᠤᠯᠬᠤ ᠬᠤᠭᠤᠯᠠᠢ ᠪᠠᠭᠲᠠᠨ᠎ᠠ᠃ ᠡᠭᠦᠨ ᠳᠤ᠂ 3 ᠬᠥᠭᠡᠷᠭᠡ ᠶᠢᠨ ᠥᠷᠲᠡᠭᠡᠨ ᠤ ᠶᠡᠷᠦᠩᠬᠡᠢ ᠳᠡᠭᠡᠭᠰᠢᠯᠡᠬᠦ | ᠡᠷᠭᠦᠴᠡ ᠨᠢ 445 ᠮᠧᠲᠷ᠂ 3 ᠨᠦᠬᠡᠨ ᠵᠠᠮ ᠤᠨ ᠪᠥᠬᠦ ᠣᠷᠳᠣ ᠨᠢ 11.15 ᠺᠢᠯᠣᠮᠧᠲᠷ ᠪᠣᠯᠣᠨ᠎ᠠ᠃ 2022 | ᠣᠨ ᠤ 9 ᠰᠠᠷ᠎ᠠ ᠶᠢᠨ 20 ᠤ ᠡᠳᠦᠷ ᠤᠰᠤ ᠨᠡᠪᠲᠡᠷᠡᠭᠰᠡᠨ ᠠᠴᠠ ᠨᠠᠰᠢ᠂ ᠳᠠᠭ᠎ᠠ ᠶᠢᠨ ᠨᠠᠭᠤᠷ ᠲᠤ ᠨᠡᠶᠢᠳᠡ | 1200 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |