| | ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠥᠯᠴᠢ᠂ ᠵᠢᠷᠤᠮᠵᠢᠯ ᠲᠠᠢ | ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ | ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ | 2023 ᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ | ᠮᠥᠩᠭᠦ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠪᠡ᠃ ᠵᠢᠨᠢᠩ ᠲᠣᠭᠤᠷᠢᠭ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠣᠯᠭᠤᠬᠤ ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ︽ᠪᠦᠷᠢᠨ ᠴᠢᠳᠠᠮᠵᠢᠳᠤ | ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠪᠣᠳᠠᠲᠠᠶᠢᠵᠢᠭᠤᠯᠤᠨ᠎ᠠ᠃8 ᠰᠠᠷ᠎ᠠ ᠶᠢᠨ ᠡᠴᠦᠰ ᠪᠣᠯᠲᠠᠯ᠎ᠠ᠂ | ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 9988.56 ᠲᠦᠮᠡᠨ ᠲᠥᠭᠦᠷᠢᠭ | ᠲᠠᠷᠬᠠᠭᠠᠵᠤ᠂ ᠨᠡᠶᠢᠲᠡ 342071 ᠬᠥᠮᠥᠨ ᠤᠳᠠᠭ᠎ᠠ ᠨᠥᠬᠦᠪᠦᠷᠢᠯᠡᠵᠦ᠂ ᠲᠠᠷᠢᠶᠠᠯᠠᠩ ᠤᠨ ᠲᠥᠷᠥᠯ ᠤᠨ | ᠨᠥᠬᠦᠪᠦᠷᠢ᠂ ᠣᠶ ᠰᠢᠭᠤᠢ ᠶᠢᠨ ᠲᠥᠷᠥᠯ ᠤᠨ ᠨᠥᠬᠦᠪᠦᠷᠢ᠂ ᠲᠥᠯᠥᠪᠯᠡᠭᠡᠲᠦ ᠦᠷᠡᠵᠢᠯ ᠤᠨ ᠨᠥᠬᠦᠪᠦᠷᠢ᠂ ᠪᠦᠲᠦᠭᠡᠨ | ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ᠂ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ | ᠨᠥᠬᠦᠪᠦᠷᠢ ᠶᠢᠨ ᠲᠥᠷᠥᠯ ᠵᠡᠷᠭᠡ ᠵᠢᠷᠭᠤᠭᠠᠨ ᠲᠥᠷᠥᠯ ᠤᠨ ᠬᠦᠷᠢᠶᠡᠨ ᠳᠤ ᠬᠤᠯᠪᠣᠭᠳᠠᠵᠠᠢ᠃ ᠡᠭᠦᠨ ᠳᠤ᠂ ᠨᠢᠭᠡ | ᠰᠢᠶᠠᠩ ᠨᠢᠭᠡ ᠪᠠᠯᠭᠠᠰᠤ ᠨᠡᠶᠢᠲᠡ 5961.10 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ 8 ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 4027.46 ᠲᠦᠮᠡᠨ ᠲᠥᠭᠦᠷᠢᠭ ᠤᠨ ᠪᠡᠯᠡ ᠮᠥᠩᠭᠦ | ᠲᠠᠷᠬᠠᠭᠠᠵᠠᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |