1 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ | ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠰᠬᠠᠢ | ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠰᠠᠶᠢᠲᠤᠷ | ᠨᠡᠭᠡᠭᠡᠬᠦ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠵᠦ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠥᠬᠦᠳ ᠦᠵᠡᠯ | ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡᠳ ᠨᠢᠭᠡ ᠪᠠᠷ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | ᠰᠦᠢ ᠸᠧᠢ ᠵᠢᠶᠦ᠋ᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠯᠤᠰ ᠲᠥᠷᠥ ᠶᠢᠨ ᠡᠭᠦᠷᠭᠡ ᠪᠠᠨ | ᠪᠣᠯᠭᠠᠵᠤ᠂ ᠢᠲᠡᠭᠡᠯ ᠪᠢᠰᠢᠷᠡᠯ ᠤᠨ ᠤᠬᠠᠭᠠᠨ ᠢ ᠡᠪᠦᠷᠯᠡᠵᠦ᠂ ᠡᠭᠦᠷᠭᠡ ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ | ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ ᠡᠭᠦᠨ ᠳᠤ ᠠᠭᠤᠯᠤᠭᠳᠠᠵᠤ ᠪᠠᠶᠢᠭ᠎ᠠ ᠶᠣᠰᠣ ᠤᠴᠢᠷ ᠭᠦᠨ | ᠤᠬᠠᠭᠠᠨ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠡᠵᠡᠮᠳᠡᠵᠦ᠂ | ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠦᠨᠳᠦᠰᠦ ᠶᠢ ᠨᠢ ᠴᠡᠪᠡᠷᠯᠡᠵᠦ᠂ ᠦᠨᠳᠦᠰᠦ ᠶᠢ | ᠪᠠᠬᠢᠵᠢᠭᠦᠯᠵᠦ ᠦᠨᠳᠦᠰᠦ ᠶᠢ ᠨᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠴᠢᠨᠠᠭᠰᠢᠳᠠ | ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ | ᠯᠠᠪᠳᠠᠭᠤᠨ ᠡᠵᠡᠮᠳᠡᠬᠦ ᠬᠡᠷᠡᠭᠲᠡᠢ᠃ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ | ᠪᠣᠯᠭᠠᠵᠤ᠂ ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ | ᠣᠷᠣᠨ ᠲᠠᠪᠰᠢᠯᠳᠠ ᠶᠢ ᠲᠡᠮᠡᠴᠡᠨ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠠᠭᠤᠷᠢ ᠶᠢ ᠪᠠᠲᠤᠳᠬᠠᠬᠤ᠂ | ᠦᠨᠳᠦᠰᠦ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ ᠠᠵᠢᠯ ᠢ ᠪᠣᠳᠠᠲᠠᠢ ᠶᠢ ᠡᠷᠬᠢᠮᠯᠡᠨ ᠠᠬᠢᠭᠤᠯᠵᠤ᠂ | ᠬᠥᠭᠵᠢᠯᠲᠡ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ | ᠰᠦᠢ ᠸᠧᠢ ᠵᠢᠶᠦ᠋ᠨ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ | ᠪᠣᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ | ᠠᠭᠤᠯᠭ᠎ᠠ ᠮᠥᠨ᠂ ᠪᠠᠰᠠ ᠴᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠲᠤᠯᠠᠬᠤ ᠴᠢᠬᠤᠯᠠ | ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠰ | ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷ ᠪᠡᠶ᠎ᠡ᠂ | ᠲᠤᠰᠢᠶᠠᠯ ᠬᠠᠷᠢᠭᠤᠴᠠᠯᠭ᠎ᠠ᠂ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠵᠠᠳᠠᠯᠵᠤ᠂ ᠨᠡᠶᠢᠲᠡᠯᠢᠭ | ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ | ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ | ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |