ᠮᠠᠨ ᠤ ᠣᠷᠣᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ  ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/1/11
    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ  ᠤ ᠣᠷᠣᠨ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠭᠡᠵᠦ᠂ ᠣᠷᠣᠨ ᠤ ᠳᠣᠲᠣᠭᠠᠳᠤ ᠭᠠᠳᠠᠭᠠᠳᠤ ᠶᠢᠨ ᠨᠡᠩ ᠤᠯᠠᠨ ᠵᠢᠭᠤᠯᠴᠢᠯᠠᠬᠰᠠᠳ ᠢ ᠲᠠᠲᠠᠬᠤ ᠶᠢᠨ ᠲᠥᠯᠥᠭᠡ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠲᠤᠰ ᠲᠦᠷᠦ ᠶᠢᠨ ᠪᠣᠳᠣᠯᠭ᠎ᠠ ᠶᠢ 2023 ᠣᠨ ᠤ 11 ᠰᠠᠷ᠎ᠠ ᠶᠢᠨ 15 ᠤ ᠡᠳᠦᠷ  ᠠᠴᠠ 2024 ᠣᠨ ᠤ 4 ᠰᠠᠷ᠎ᠠ ᠶᠢᠨ 30 ᠤ ᠡᠳᠦᠷ ᠪᠤᠯᠲᠠᠯ᠎ᠠ ᠬᠡᠷᠡᠭᠵᠢᠭᠦᠯᠬᠦ ᠪᠣᠯᠣᠨ᠎ᠠ᠃     ᠮᠠᠨ ᠤ ᠣᠷᠣᠨ ᠤ ᠨᠡᠶᠢᠲᠡᠯᠡᠭᠰᠡᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠦᠨᠳᠦᠰᠦᠯᠡᠪᠡᠯ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢᠰᠬᠡᠯ ᠬᠥᠯᠥᠰᠦᠯᠡᠨ ᠨᠢᠭᠡ ᠯᠡ ᠤᠳᠠᠭ᠎ᠠ ᠳᠤ 100 ᠬᠥᠮᠥᠨ ︵100 ᠬᠥᠮᠥᠨ ᠢ ᠪᠠᠭᠲᠠᠭᠠᠨ᠎ᠠ︶ ᠠᠴᠠ ᠳᠡᠭᠡᠭᠰᠢᠬᠢ ᠭᠠᠳᠠᠭᠠᠳᠤ ᠶᠢᠨ ᠬᠥᠮᠥᠨ ᠵᠢᠴᠢ ᠰᠢᠶᠠᠩᠭᠠᠩ᠂ ᠣᠣᠮᠧᠨ ᠪᠠ ᠲᠠᠶᠢᠸᠠᠨ ᠤ ᠵᠢᠭᠤᠯᠴᠢᠯᠠᠬᠰᠠᠳ ᠢ ᠵᠣᠬᠢᠶᠠᠨ ᠪᠠᠶᠢᠭᠤᠯᠵᠤ ᠮᠠᠨ ᠤ ᠣᠷᠣᠨ ᠳᠤ ᠵᠢᠭᠤᠯᠴᠢᠯᠠᠭᠤᠯᠪᠠᠯ᠂ ᠡᠭᠡᠯᠵᠢ ᠪᠦᠷᠢ ᠳᠤ 5 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠤᠯᠤᠰ ᠤᠨ ᠳᠣᠲᠣᠭᠠᠳᠤ ᠶᠢᠨ ᠠᠶᠠᠯᠠᠯ ᠤᠨ ᠱᠤᠭᠤᠮ ᠳᠤ ᠡᠭᠡᠯᠵᠢ ᠪᠦᠷᠢ ᠳᠤ 3 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ 300 ᠬᠥᠮᠥᠨ  ᠠᠴᠠ ᠳᠡᠭᠡᠭᠰᠢᠬᠢ ᠤᠯᠤᠰ ᠤᠨ ᠳᠣᠲᠣᠭᠠᠳᠤ ᠶᠢᠨ ᠲᠤᠰᠬᠠᠢ ᠭᠠᠯᠲᠤ ᠲᠡᠷᠭᠡ ᠬᠥᠯᠥᠰᠦᠯᠡᠨ ᠵᠢᠭᠤᠯᠴᠢᠯᠠᠯ ᠥᠷᠨᠢᠭᠦᠯᠪᠡᠯ 4 ᠲᠦᠮᠡᠨ ᠲᠥᠭᠦᠷᠢᠭ ᠤᠨ ᠱᠠᠩᠨᠠᠯ ᠬᠦᠷᠲᠡᠭᠡᠨ᠎ᠡ᠃ ᠵᠢᠭᠤᠯᠴᠢᠯᠠᠯ ᠤᠨ ᠭᠠᠵᠠᠷ ᠨᠢ ᠬᠡᠷᠪᠡ 500 ᠬᠥᠮᠥᠨ ᠠᠴᠠ ᠳᠡᠭᠡᠭᠰᠢᠬᠢ ᠬᠤᠨᠤᠭ ᠥᠩᠭᠡᠷᠡᠬᠦ ᠵᠢᠭᠤᠯᠴᠢᠯᠠᠬᠰᠠᠳ ᠢ ᠭᠥᠯᠢᠶᠡᠨ ᠠᠪᠤᠭᠰᠠᠨ ᠪᠣᠯ ᠬᠥᠮᠥᠨ ᠪᠦᠷᠢ ᠳᠤ 30 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠳᠥᠷᠪᠡᠨ ᠣᠳᠣᠨ ᠲᠠᠰ ᠠᠴᠠ ᠳᠡᠭᠡᠭᠰᠢᠬᠢ ᠵᠢᠭᠤᠯᠴᠢᠯᠠᠯ  ᠤᠨ ᠪᠠᠭᠤᠳᠠᠯ ᠳᠤ 1 ᠣᠷᠣᠢ ᠬᠤᠨᠣᠭᠤᠯᠵᠤ᠂ 4A ᠲᠠᠰ ᠤᠨ ᠰᠦᠢᠳᠬᠡᠯ ᠬᠤᠷᠢᠶᠠᠬᠤ ᠦᠵᠡᠮᠵᠢ ᠶᠢᠨ ᠣᠷᠣᠨ ᠢᠶᠠᠷ ᠵᠢᠭᠤᠯᠴᠢᠯᠠᠭᠤᠯᠤᠭᠰᠠᠨ ᠪᠣᠯ ᠬᠥᠮᠥᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠦᠵᠡᠮᠵᠢ ᠶᠢᠨ ᠣᠷᠣᠨ ᠳᠠᠬᠢ ᠰᠦᠢᠳᠬᠡᠯ ᠬᠤᠷᠢᠶᠠᠬᠤ ᠲᠣᠬᠯᠠᠯᠲᠠ ᠶᠢᠨ ᠲᠥᠷᠥᠯ ᠵᠦᠢᠯ ᠢ ᠰᠣᠨᠢᠷᠬᠠᠭᠤᠯᠤᠭᠰᠠᠨ ᠪᠣᠯ ᠬᠥᠮᠥᠨ ᠪᠦᠷᠢ ᠳᠤ 20 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2