ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
   1 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ﹀ ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠬᠦ ᠲᠤᠬᠠᠢ ᠬᠤᠷᠢᠨ ᠵᠦᠢᠯ ᠤᠨ ᠠᠷᠭ᠎ᠠ ᠬᠡᠮᠵᠢᠶ᠎ᠡ︾᠂ ᠲᠡᠷᠢᠭᠦᠯᠡᠭᠴᠢ ᠸᠠᠩ ᠯᠢ ᠰᠢᠶᠠ ᠶᠢᠨ 1 ᠰᠠᠷ᠎ᠠ ᠶᠢᠨ 6 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠦᠷᠭᠡᠨ ᠬᠢᠨᠠᠭᠤᠯᠬᠤ ᠨᠣᠣᠷᠠᠭ︶︾ ︽ᠤᠯᠠᠭᠠᠨᠴᠠᠪ ᠬᠤᠲᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ︵ᠬᠦᠷᠭᠡᠨ ᠬᠢᠨᠠᠭᠤᠯᠬᠤ ᠨᠣᠣᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃    ᠬᠤᠷᠠᠯ ᠠᠴᠠ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠵᠦᠢᠯ ᠵᠤᠷᠪᠤᠰ ᠳᠠᠷᠠᠭᠠᠯᠠᠨ ᠬᠠᠷᠢᠴᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢ ᠶᠢᠨ ᠦᠵᠡᠯ ᠢ ᠡᠷᠡᠰ ᠬᠤᠷᠢᠭᠯᠠᠵᠤ᠂ ᠴᠠᠭ ᠬᠤᠭᠤᠴᠠᠭ᠎ᠠ ᠪᠠ ᠤᠶᠤᠨ ᠴᠢᠳᠠᠯ ᠢᠶᠠᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠭᠦᠨᠵᠡᠭᠡᠢ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠰᠦᠪᠡᠭᠴᠢᠯᠡᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠰᠠᠶᠢᠲᠤᠷ ᠵᠠᠰᠠᠨ ᠲᠡᠭᠦᠯᠳᠡᠷᠵᠢᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠬᠤ ᠴᠢᠨᠠᠷ ᠰᠠᠶᠢᠲᠠᠢ ᠮᠡᠳᠡᠭᠦᠯᠦᠯᠲᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠯᠠᠭᠠᠨᠴᠠᠪ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠪᠣᠳᠠᠲᠠᠢ ᠶᠢ ᠡᠷᠬᠢᠮᠯᠡᠭᠰᠡᠨ ᠪᠥᠭᠡᠳ ᠶᠠᠪᠤᠭᠳᠠᠭᠤᠰᠢᠲᠠᠢ ᠠᠵᠢᠯ ᠤᠨ ᠬᠠᠷᠠᠯᠲᠠ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2