| | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ | ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ | ᠤᠯᠠᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ | ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ | ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠭᠰᠠᠨ ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠨ᠂ | ᠪᠦᠬᠦᠯᠢ ᠴᠣᠭᠴᠠᠲᠤ ᠲᠥᠯᠥᠪᠯᠡᠭᠡ ᠶᠢ ᠴᠢᠩᠭᠠᠳᠬᠠᠵᠤ᠂ ᠵᠠᠭᠪᠤᠷ ᠤᠨ ᠰᠢᠨᠡᠴᠢᠯᠡᠯᠲᠡ ᠶᠢ ᠠᠬᠢᠭᠤᠯᠵᠤ᠂ | ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠬᠤᠶᠠᠷ | ᠬᠦᠷᠳᠦᠲᠦ ᠬᠥᠳᠡᠯᠭᠡᠭᠦᠷ ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ | ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ ᠡᠰᠢᠲᠦ᠂ ᠴᠤᠪᠤᠷᠠᠯ ᠬᠠᠮᠤᠭ ᠰᠢᠯᠢᠳᠡᠭ᠂ ᠮᠠᠲ᠋ᠧᠷᠢᠶᠠᠯ ᠬᠠᠮᠤᠭ | ᠳᠦᠬᠦᠮ᠂ ᠥᠪᠡᠷ ᠤᠨ ᠥᠷᠲᠡᠭ ᠬᠠᠮᠤᠭ ᠳᠣᠣᠷ᠎ᠠ ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ | ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠲᠥᠬᠦᠮ ᠦᠵᠡᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠨ ᠭᠠᠷᠭᠠᠵᠠᠢ᠃ | ︽ᠵᠢᠯᠤᠭᠤᠳᠬᠤ ᠰᠠᠨᠠᠯ︾ ᠳᠤ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠲᠤᠷᠠᠳᠪᠠ᠃ 2024 | ᠣᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ | ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠰᠢᠭᠤᠯᠤᠨ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠢᠭᠡᠳᠦᠭᠡᠷ ᠪᠦᠯᠦᠭ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠦᠯᠡᠮᠵᠢ | ᠠᠰᠠᠭᠤᠳᠠᠯ ᠲᠠᠢ ︽ᠨᠢᠭᠡ ᠠᠵᠢᠯ ᠶᠠᠪᠤᠳᠠᠯ︾ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ | 2027 ᠣᠨ ᠪᠣᠯᠬᠤ ᠳᠤ᠂ ᠨᠡᠶᠢᠳᠡᠮ ᠬᠦᠷᠲᠡᠬᠦᠶᠢᠴᠡ᠂ ᠣᠶᠤᠨᠯᠢᠭ ᠳᠥᠭᠦᠮ ᠳᠥᠲᠡ᠂ ᠡᠷᠬᠡ ᠲᠡᠭᠰᠢ ᠲᠦᠭᠡᠮᠡᠯ | ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ | ᠦᠨᠳᠦᠰᠦᠨ ᠳᠤ ᠨᠢ ᠪᠦᠷᠢᠯᠳᠦᠭᠦᠯᠦᠨ᠂ ᠠᠵᠤ ᠠᠬᠤᠶᠢᠯᠠᠯ ᠪᠠ ᠬᠤᠪᠢ ᠬᠥᠮᠥᠨ ᠤ ᠬᠤᠶᠠᠷ ᠪᠦᠬᠦᠯᠢ ᠠᠮᠢ | ᠨᠠᠰᠤᠨ ᠤ ᠦᠶᠡᠯᠡᠯ ᠤᠨ ᠴᠢᠬᠤᠯᠠ ᠱᠠᠲᠤᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ | ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃ | ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠨᠢᠭᠡ ᠳᠤ᠂ | ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ | ᠭᠦᠢᠴᠡᠳᠬᠡᠬᠦ ᠳᠤ ︽ᠭᠠᠭᠴᠠᠬᠠᠨ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ︽ᠨᠢᠭᠡ ᠯᠠ ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ᠃ ᠬᠤᠶᠠᠷ ᠲᠤ᠂ | ᠵᠠᠭᠪᠤᠷ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ | ᠲᠤᠲᠠᠭᠳᠠᠬᠤ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ | ᠭᠦᠢᠴᠡᠳᠬᠡᠬᠦ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠠᠴᠠ ᠬᠡᠯᠲᠦᠷᠢᠭᠦᠯᠦᠨ | ᠭᠦᠢᠴᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠶᠢ | ᠴᠢᠩᠭᠠᠳᠬᠠᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠶᠡᠷᠦᠩᠬᠡᠢ ᠬᠦᠢᠰᠦ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ ᠳᠤ ᠰᠢᠨ᠎ᠡ ᠮᠡᠷᠭᠡᠵᠢᠯ | ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠨ᠎ᠠ᠃ ᠳᠥᠷᠪᠡ ᠳᠤ᠂ ᠬᠡᠪᠴᠢᠶ᠎ᠡ ᠶᠢ ᠥᠷᠭᠡᠳᠬᠡᠨ ᠠᠰᠢᠭ ᠢ | ᠨᠡᠮᠡᠭᠳᠡᠭᠦᠯᠬᠦ ᠶᠢ ᠠᠬᠢᠭᠤᠯᠤᠨ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠷᠳᠡᠭ | ᠨᠡᠮᠡᠭᠳᠡᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ ᠠᠵᠢᠯ ᠤᠨ ᠰᠠᠭᠤᠷᠢ ᠶᠢ ᠪᠠᠬᠢᠵᠢᠭᠦᠯᠦᠨ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠬᠢᠭᠡᠳ ᠠᠵᠢᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠡᠷᠴᠢᠮᠯᠡᠨ᠎ᠡ᠃ | ︽ᠵᠢᠯᠤᠭᠤᠳᠬᠤ ᠰᠠᠨᠠᠯ︾ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ | ᠨᠢᠭᠡᠳᠦᠭᠡᠷ ᠪᠦᠯᠦᠭ ᠤᠨ 13 ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠲᠣᠳᠤᠷᠬᠠᠶᠢᠯᠠᠵᠠᠢ᠃ | ᠡᠭᠦᠨ ᠳᠤ᠂ ᠡᠵᠡᠩᠨᠡᠬᠦ ᠭᠤᠣᠯ ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 ᠵᠦᠢᠯ | ᠪᠣᠶ᠂ ᠳᠠᠷᠤᠢ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ ᠰᠦᠯᠵᠢᠶ᠎ᠡ ᠶᠢ | ᠬᠠᠮᠲᠤᠷᠠᠭᠤᠯᠤᠨ ᠤᠭᠰᠠᠷᠠᠬᠤ᠂ ᠢᠲᠡᠭᠡᠮᠵᠢ ᠪᠠᠨ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ | ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ | ᠠᠬᠤᠶᠢᠯᠠᠯ ᠤᠨ ᠳᠠᠩᠰᠠᠯᠠᠯᠲᠠ ᠶᠢ ᠴᠣᠴᠠᠯᠬᠤ ᠵᠡᠷᠭᠡ ᠶᠢ ᠪᠠᠭᠲᠠᠭᠠᠨ᠎ᠠ᠃ ᠬᠤᠪᠢ ᠬᠦᠮᠦᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠷᠢᠶᠠᠯᠠᠭᠳᠠᠬᠤ ᠨᠢ 5 ᠵᠦᠢᠯ ᠪᠣᠶ᠂ ᠳᠠᠷᠤᠢ ᠰᠤᠷᠭᠠᠭᠤᠯᠢ ᠳᠤ ᠣᠷᠣᠬᠤ᠂ ᠰᠠᠭᠤᠭᠠᠯᠢ | ᠠᠷᠠᠳ ᠤᠨ ᠨᠡᠶᠢᠭᠡᠮ ᠤᠨ ᠪᠠᠲᠤᠯᠠᠭᠠᠨ ᠤ ᠺᠠᠷᠲ ᠤᠨ ᠦᠢᠯᠡᠴᠢᠯᠡᠭᠡ᠂ ᠵᠡᠮᠳᠡᠭᠴᠦᠳ ᠲᠠᠬᠢ ᠦᠢᠯᠡᠴᠢᠯᠡᠭᠡ ᠵᠡᠷᠭᠡ ᠶᠢ | ᠪᠠᠭᠲᠠᠭᠠᠨ᠎ᠠ᠃ | ︽ᠵᠢᠯᠤᠭᠤᠳᠬᠤ ᠰᠠᠨᠠᠯ︾ ᠳᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ | ᠪᠠᠷ ᠭᠤᠣᠯᠳᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ᠪᠠ ᠤᠬᠠᠭᠤᠯᠤᠨ ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ ᠬᠠᠮᠵᠢᠯᠴᠠᠬᠤ ᠪᠠᠨ | ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠷᠰᠢᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ | ᠥᠭᠡᠷᠡᠴᠢᠯᠡᠯᠲᠡ ᠰᠢᠨᠡᠴᠢᠯᠡᠯᠲᠡ ᠬᠢᠬᠦ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ | ᠪᠦᠯᠦᠭ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠤᠳᠠᠯᠭ᠎ᠠ ᠲᠠᠢ ᠵᠦᠢᠯᠡᠰ ᠢ ᠵᠢᠯ | ᠳᠠᠷᠠᠭᠠᠯᠠᠨ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |