ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/1/19
     ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ ᠢ ᠡᠷᠬᠢᠯᠡᠵᠡᠢ     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠬᠢᠯᠭᠠᠨ ᠮᠡᠳᠡᠭᠡ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 16 ᠤ ᠡᠳᠦᠷ ᠤᠨ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠨᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠳᠠᠭ ᠪᠥᠭᠡᠳ ᠨᠡᠩ ᠴᠦ ᠮᠠᠨ ᠤ ᠤᠯᠤᠰ ᠤᠨ ᠪᠠᠶᠢᠳᠠᠯ ᠳᠤ ᠲᠣᠬᠢᠷᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ ᠥᠷᠥᠨᠡᠳᠠᠬᠢᠨ ᠤ ᠮᠥᠩᠭᠦᠨ ᠭᠦᠢᠯᠭᠡᠭᠡᠨ ᠤ ᠵᠠᠭᠪᠤᠷ ᠲᠠᠢ ᠮᠥᠨ ᠴᠢᠨᠠᠷ ᠤᠨ ᠢᠯᠭᠠᠭ᠎ᠠ ᠲᠠᠢ ᠪᠠᠶᠢᠳᠠᠭ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠦᠯᠭᠡ ᠶᠢᠨ ᠳᠤᠮᠳᠠ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ ᠵᠠᠮ ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2