2024 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/1/19
︱ 2024 ᠣᠨ ᠤ 1 ᠰᠠᠷ᠎ᠠ ᠶᠢᠨ 18 ᠤ ᠡᠳᠦᠷ  ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                         ᠬᠤᠲᠠ ᠶᠢᠨ ᠳᠠᠷᠤᠭ᠎ᠠ  ᠴᠢ ᠹᠧᠢ ᠶᠦᠨ ᠲᠥᠯᠥᠭᠡᠯᠡᠭᠴᠢᠳ ᠠ᠋᠄ ᠤᠳᠤ᠂ ᠪᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ 2023 ᠣᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠲᠣᠮᠣ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠨᠡᠩ ᠥᠨᠳᠥᠷ᠂ ᠠᠮᠢ ᠠᠬᠤᠢ ᠨᠡᠩ ᠰᠠᠶᠢᠨ᠂ ᠠᠷᠠᠳ ᠤᠨ ᠠᠮᠢᠳᠤᠷᠠᠯ ᠨᠡᠩ ᠪᠣᠳᠠᠲᠠᠢ ᠰᠠᠶᠢᠨ ᠰᠠᠶᠢᠬᠠᠨ ᠪᠠᠶᠢᠳᠠᠯ ᠢᠯᠡᠷᠡᠬᠦ ᠶᠢ ᠠᠬᠢᠭᠤᠯᠪᠠ᠃ ᠬᠥᠭᠵᠢᠯᠲᠡ ᠶᠢᠨ ᠪᠠᠶᠢᠳᠠᠯ ᠥᠷᠭᠦᠯᠵᠢᠯᠡᠨ ᠥᠭᠡᠳᠡᠯᠡᠨ ᠰᠠᠶᠢᠵᠢᠷᠠᠪᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠥᠨᠳᠥᠷ ᠰᠠᠭᠤᠷᠢ ᠲᠤᠭ᠎ᠠ ᠳᠡᠭᠡᠷ᠎ᠡ ᠲᠦᠷᠭᠡᠨ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 1085 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠥᠯᠥ ᠬᠤᠪᠢᠷᠠᠬᠤ ᠦᠨ᠎ᠡ 7.8 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ 4 ᠳ᠋ᠦ᠋ᠭᠡᠷ ᠲᠤ ᠣᠷᠣᠪᠠ᠃  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 12.7 %  ᠪᠠᠷ ᠨᠡᠮᠡᠭᠳᠡᠵᠦ᠂ ᠪᠦᠬᠦ ᠣᠷᠣᠨ ᠤ 3 ᠳ᠋ᠤᠭᠠᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 23.4 % ᠪᠠᠷ ᠨᠡᠮᠡᠭᠳᠡᠵᠦ᠂ ᠪᠥᠬᠦ ᠣᠷᠣᠨ ᠤ 5 ᠳ᠋ᠤᠭᠠᠷ ᠲᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 8.4 % ᠪᠠᠷ ᠨᠡᠮᠡᠭᠳᠡᠵᠦ᠂ ᠪᠥᠬᠦ ᠣᠷᠣᠨ ᠤ 4 ᠳ᠋ᠦ᠋ᠭᠡᠷ ᠲᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 67.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 5 ᠳ᠋ᠤᠭᠠᠷ ᠲᠤ ᠣᠷᠣᠵᠤ᠂ ᠵᠠᠷᠤᠯᠭ᠎ᠠ 400 ᠳ᠋ᠦᠩᠰᠢᠭᠤᠷ ᠲᠥᠭᠦᠷᠢᠭ ᠢ ᠳᠠᠪᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 5.8 % ᠪᠠ 9 % ᠪᠠᠷ ᠨᠡᠮᠡᠭᠳᠡᠭᠦᠯᠵᠦ᠂ ᠲᠤᠰ ᠪᠦᠷᠢ ᠪᠦᠬᠦ ᠣᠷᠣᠨ ᠤ 3 ᠳ᠋ᠤᠭᠠᠷ ᠪᠠ 1 ᠳ᠋ᠦ᠋ᠭᠡᠷ ᠲᠤ ᠣᠷᠣᠪᠠ᠃ 7 ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦᠨ ᠢᠶᠠᠷ ᠢᠶᠠᠨ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠵᠤ᠂ 6 ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠥᠪᠰᠢᠨ ᠢ ᠳᠠᠪᠠᠵᠤ᠂ ᠪᠦᠬᠦ ᠣᠷᠣᠨ ᠳᠤ ︽ᠨᠢᠭᠡᠳᠦᠭᠡᠷ ᠲᠤ 1᠂ ᠭᠤᠷᠪᠠᠳᠤᠭᠠᠷ ᠲᠤ 2᠂ ᠳᠥᠷᠪᠡᠳᠦᠭᠡᠷ ᠲᠤ 2᠂ ᠲᠠᠪᠤᠳᠤᠭᠠᠷ ᠲᠤ 2︾ ᠤᠨ ᠬᠢᠷᠢ ᠪᠦᠲᠦᠮᠵᠢ ᠣᠯᠵᠤ᠂ ︽ᠦᠨᠳᠦᠷ ᠬᠠᠷᠠᠯᠲᠠ ᠲᠣᠭᠲᠠᠭᠠᠵᠤ᠂ ᠦᠨᠳᠦᠷ ᠬᠠᠷᠠᠯᠲᠠ ᠳᠠᠭᠠᠨ ᠬᠦᠷᠬᠦ︾ ᠵᠢᠱᠢᠯᠲᠡ ᠠᠴᠠ ᠳᠠᠪᠠᠭᠰᠠᠨ ᠦᠷ᠎ᠡ ᠪᠦᠲᠦᠮᠵᠢ ᠳᠤ ᠬᠦᠷᠴᠡᠢ᠃ ᠬᠥᠭᠵᠢᠯᠲᠡ ᠶᠢᠨ ᠬᠥᠳᠡᠯᠭᠡᠭᠴᠢ ᠬᠦᠴᠦᠨ ᠨᠡᠩ ᠴᠢᠩᠭᠠᠷᠠᠪᠠ᠃ 306 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 466 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠠᠴᠠ 67 ᠳ᠋ᠦᠩᠰᠢᠭᠤᠷ ᠲᠥᠭᠦᠷᠢᠭ ᠳᠠᠪᠠᠭᠤᠯᠤᠨ᠂ ᠪᠡᠶᠡᠯᠡᠭᠦᠯᠦᠭᠰᠡᠨ ᠨᠣᠷᠮ᠎ᠠ ᠨᠢ ᠪᠥᠬᠦ ᠣᠷᠣᠨ ᠳᠤ ᠲᠡᠷᠢᠭᠦᠯᠡᠵᠦ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 38 ᠪᠠᠶᠢᠵᠤ᠂ 194 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 6 ᠵᠦᠢᠯ ᠤᠨ ᠲᠤᠭ᠎ᠠ ᠪᠠᠷᠢᠮᠲᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ᠂ ᠠᠷᠠᠳ ᠤᠨ ᠪᠡᠯᠡ ᠣᠷᠣᠭᠤᠯᠤᠯᠲᠠ ᠲᠤᠰ ᠲᠤᠰ 24 % ᠪᠠ 38% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠶᠡᠷᠦᠩᠬᠡᠶᠢᠯᠡᠭᠰᠡᠨ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠲᠣᠰ ᠲᠣᠰ 23.7 % ᠪᠠ 4.2% ᠢᠶᠠᠷ ᠨᠡᠮᠡᠭᠳᠡᠪᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 15 ᠠᠴᠠ ᠳᠡᠭᠡᠭᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 53 ᠰᠢᠨ᠎ᠡ ᠪᠠᠷ ᠨᠡᠮᠡᠭᠳᠡᠵᠦ᠂ ᠰᠢᠨ᠎ᠡ ᠶᠢ ᠡᠭᠦᠳᠬᠦ ᠬᠡᠯᠪᠡᠷᠢ ᠶᠢᠨ ᠪᠠ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 46 ᠶᠢ ᠮᠠᠭᠠᠳᠯᠠᠨ ᠲᠣᠭᠲᠠᠭᠠᠪᠠ᠃ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠡᠳᠦᠷ ᠢᠷᠡᠬᠦᠶ᠎ᠡ ᠪᠠᠬᠢᠵᠢᠨ ᠳᠡᠭᠡᠭᠰᠢᠯᠡᠪᠡ᠃ ᠠᠮᠤ ᠪᠤᠳᠠᠭᠠᠨ ᠤ ᠤᠨᠠᠯᠲᠠ 26.2 ᠳ᠋ᠦᠩᠰᠢᠭᠤᠷ ᠵᠢᠩ ᠳᠤ ᠬᠦᠷᠴᠦ᠂ ᠲᠠᠷᠢᠬᠤ ᠲᠠᠯᠠᠪᠠᠢ᠂ ᠲᠠᠯᠠᠪᠠᠢ ᠨᠢᠭᠡᠴᠢ ᠶᠢᠨ ᠤᠨᠠᠯᠲᠠ ᠪᠠ ᠶᠡᠷᠦᠩᠬᠡᠢ ᠤᠨᠠᠯᠲᠠ ᠶᠢᠨ ︽ᠭᠤᠷᠪᠠ ᠶᠢ ᠨᠡᠮᠡᠭᠳᠡᠭᠦᠯᠬᠦ︾ ᠶᠢ ᠪᠡᠶᠡᠯᠡᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠲᠤᠰ ᠲᠤᠰ 40%᠂ 32.7% ᠪᠠ 25.7% ᠪᠠᠷ ᠨᠡᠮᠡᠭᠳᠡᠵᠦ᠂ ᠪᠦᠬᠦᠯᠢ ᠴᠣᠭᠴᠠ ᠶᠢᠨ ᠠᠵᠤ ᠦᠢᠯᠡᠳᠪᠦᠷᠢ ᠠᠴᠠ ᠢᠯᠡᠳᠲᠡ ᠲᠦᠷᠭᠡᠨ ᠪᠣᠯᠪᠠ᠃ ᠡᠵᠡᠩᠨᠡᠯᠲᠡ ᠶᠢᠨ ᠣᠷᠣᠯᠭ᠎ᠠ ᠨᠢ ᠠᠷᠪᠠᠨ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠳᠪᠦᠷᠢ ᠠᠵᠤ ᠠᠬᠤᠶᠢᠯᠠᠯ 45 ᠪᠣᠯᠪᠠ᠃ ᠰᠢᠨ᠎ᠡ ᠪᠠᠷ ᠨᠡᠮᠡᠭᠳᠡᠭᠰᠡᠨ ᠰᠠᠯᠬᠢᠨ ᠡᠨᠧᠷᠭᠢ ᠭᠡᠷᠡᠯ ᠴᠡᠨᠡᠭ ᠢ ᠲᠣᠣᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠨᠢ 380 ᠲᠦᠮᠡᠨ ᠺᠢᠯᠣᠸᠠᠲ ᠪᠠᠶᠢᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠢ ᠪᠠᠶᠢᠭᠤᠯᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠲᠡᠦᠬᠡᠲᠦ ᠴᠢᠨᠠᠷᠲᠠᠢ ᠪᠠᠷ ᠢᠯᠴᠢ ᠶᠢᠨ ᠴᠠᠬᠢᠯᠭᠠᠨ ᠠᠴᠠ ᠳᠠᠪᠠᠪᠠ᠃ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠯ ᠵᠢᠱᠢᠯᠲᠡ ᠪᠠᠷ 3.5% ᠪᠠᠭᠤᠷᠠᠪᠠ᠃ ᠤᠯᠠᠭᠠᠨᠴᠠᠪ ᠪᠦᠲᠦᠴᠡ ᠶᠢ ᠰᠢᠯᠢᠳᠡᠭᠵᠢᠭᠦᠯᠦᠨ᠂ ᠶᠠᠰᠤ ᠴᠢᠨᠠᠷ ᠦᠷ᠎ᠡ ᠠᠰᠢᠭ ᠂ ᠪᠣᠬᠢᠷᠲᠤᠯ ᠦᠭᠡᠢ ᠬᠥᠭᠵᠢᠯᠲᠡ ᠶᠢ ᠬᠥᠭᠡᠭᠡᠴᠡᠯᠳᠦᠭᠰᠡᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠢᠯᠡᠷᠡᠭᠦᠯᠪᠡ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠪᠠᠳᠠᠷᠠᠪᠠ᠃ ᠬᠥᠮᠥᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠭᠦᠢᠯᠭᠡᠭᠡ᠂ ᠪᠡᠯᠡ ᠮᠥᠩᠭᠦᠨ ᠤ ᠭᠦᠢᠯᠭᠡᠭᠡ ᠰᠣᠯᠪᠢᠴᠠᠨ ᠴᠤᠭᠯᠠᠷᠠᠵᠤ᠂ ᠵᠤᠭᠠᠴᠠᠭᠰᠠᠳ ᠤᠨ ᠲᠤᠭ᠎ᠠ 2000 ᠲᠦᠮᠡᠨ ᠬᠦᠮᠦᠨ ᠤᠳᠠᠭ᠎ᠠ ᠶᠢ ᠳᠠᠪᠠᠵᠤ᠂ ᠣᠷᠣᠯᠭ᠎ᠠ ᠬᠤᠶᠠᠷ ᠳᠠᠬᠢᠨ ᠢᠶᠠᠷ ᠨᠡᠮᠡᠭᠳᠡᠵᠦ᠂ 150 ᠳ᠋ᠦᠩᠰᠢᠭᠤᠷ ᠲᠥᠭᠦᠷᠢᠭ ᠢ ᠳᠠᠪᠠᠪᠠ᠃ ᠳᠤᠮᠳᠠᠳᠤ ᠡᠸᠦ᠋ᠷᠦᠫᠡ ︵ᠮᠣᠩᠭᠤᠯ︶ ᠶᠢᠨ ᠵᠢᠰᠢᠶᠠᠨ ᠤ ᠭᠠᠯᠲᠤ ᠲᠡᠷᠭᠡ 128 ᠴᠤᠪᠤᠭ᠎ᠠ ᠨᠡᠪᠲᠡᠷᠡᠵᠦ᠂ ᠪᠥᠬᠦ ᠣᠷᠣᠨ ᠤ ᠠᠶᠠᠯᠠᠯ ᠤᠨ ᠶᠡᠷᠦᠩᠬᠡᠢ ᠲᠣᠭᠠᠨ ᠤ 1/4 ᠶᠢ ᠡᠵᠡᠯᠡᠵᠦ᠂ ᠪᠥᠬᠦ ᠣᠷᠣᠨ ᠤ 2 ᠳ᠋ᠤᠭᠠᠷ ᠲᠤ ᠣᠷᠣᠪᠠ᠃ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ ᠵᠢᠱᠢᠯᠲᠡ ᠪᠠᠷ 29.4 % ᠪᠠᠷ ᠨᠡᠮᠡᠭᠳᠡᠵᠦ᠂ 3.4 ᠳ᠋ᠦᠩᠰᠢᠭᠤᠷ ᠲᠥᠭᠦᠷᠢᠭ ᠤᠨ ᠭᠠᠳᠠᠭᠠᠳᠤ ᠪᠡᠯᠡ ᠶᠢ ᠵᠠᠷᠤᠴᠠᠭᠤᠯᠵᠤ᠂ ᠪᠦᠬᠦ ᠣᠷᠣᠨ ᠤ 4 ᠳ᠋ᠦ᠋ᠭᠡᠷ ᠲᠤ ᠣᠷᠣᠪᠠ᠃ 968 ᠲᠥᠷᠥᠯ ᠵᠦᠢᠯ ᠢ ᠣᠷᠣᠭᠤᠯᠤᠨ ᠠᠪᠴᠢᠷᠠᠵᠤ᠂ 27.6% ᠪᠠᠷ ᠨᠡᠮᠡᠭᠳᠡᠨ᠂ 360 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠠᠪᠴᠢᠷᠠᠵᠤ᠂ 30 % ᠠᠴᠠ ᠳᠡᠭᠡᠭᠰᠢ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ 12.3 % ᠪᠠᠷ ᠨᠡᠮᠡᠭᠳᠡᠪᠡ᠃ ᠪᠡᠷᠬᠡᠰᠢᠶᠡᠯ ᠤᠨ ᠡᠮᠦᠨ᠎ᠡ ᠪᠡᠶ᠎ᠡ ᠪᠥᠬᠦᠶᠢᠬᠦ ᠦᠭᠡᠢ ᠪᠣᠯ ᠠᠮᠵᠢᠯᠲᠠ ᠳᠤ ᠬᠦᠷᠴᠦ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠬᠢᠭᠤᠯᠪᠠ᠄ ︵ᠨᠢᠭᠡ︶ ᠵᠠᠩᠭᠢᠯᠠᠭ᠎ᠠ ᠶᠢᠨ ᠭᠠᠷᠳᠠᠴᠠ ᠶᠢ ᠠᠳᠬᠤᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠬᠦᠴᠦᠲᠡᠢ ᠠᠬᠢᠭᠤᠯᠪᠠ᠃ ᠱᠠᠯᠠᠪᠳᠠᠨ ᠠᠵᠢᠯᠯᠠᠵᠤ ᠲᠥᠷᠥᠯ ᠵᠦᠢᠯ ᠢ ᠬᠥᠭᠡᠭᠡᠴᠡᠯᠳᠦᠪᠡ᠃ ︽ᠲᠥᠷᠥᠯ ᠵᠦᠢᠯ ᠤᠨ ᠬᠠᠮᠢᠶᠠᠷᠤᠭᠴᠢ︾ ︽ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ︾ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠶᠤᠸᠠᠨ ᠵᠢᠩ᠂ ᠫᠢᠩ ᠭᠦᠸᠧ᠂ ᠹᠦ᠋ ᠵᠢᠩ ᠲᠠᠩ ᠵᠡᠷᠭᠡ ᠨᠢᠭᠡ ᠪᠦᠯᠦᠭ ᠨᠠᠷᠠᠲᠤ ᠠᠵᠤ ᠠᠬᠤᠶᠢᠯᠠᠯ ᠪᠠᠶᠢᠷᠢᠰᠢᠭᠤᠯᠤᠯᠲᠠ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠵᠦᠩ ᠶᠢᠨ ᠳ᠋ᠠᠶᠢᠲ᠋ᠠ ᠶᠢᠨ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠪᠣᠳᠣᠯᠲᠠ ᠶᠢᠨ ᠴᠢᠳᠠᠪᠤᠷᠢ ᠶᠢᠨ ᠰᠠᠭᠤᠷᠢᠨ᠂ ᠹᠧᠩᠴᠤᠸᠠᠨ ᠤ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ 202 ᠰᠢᠨ᠎ᠡ ᠲᠥᠷᠥᠯ ᠵᠦᠢᠯ ᠢ ᠪᠤᠳᠠᠲᠠᠶᠢᠵᠢᠭᠤᠯᠤᠨ ᠠᠵᠢᠯ ᠡᠬᠢᠯᠡᠭᠦᠯᠵᠦ᠂ ᠬᠤᠷᠳᠤᠨ ᠭᠠᠷ ᠣᠶᠤᠨᠲᠤ ᠡᠭᠦᠯᠡ᠂ ᠯᠠᠨᠸᠢᠰᠲ᠋ᠤᠨ ᠤ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ᠂ ᠵᠢᠩ ᠨᠢᠩ ᠤᠨ ᠬᠤᠶᠠᠳᠤᠭᠠᠷ ᠬᠤᠭᠤᠴᠠᠭᠠᠨ ᠤ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠵᠡᠷᠭᠡ 138 ᠲᠥᠷᠥᠯ ᠵᠦᠢᠯ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ 12.7 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 64 ᠳ᠋ᠦᠩᠰᠢᠭᠤᠷ ᠲᠥᠭᠦᠷᠢᠭ᠂ ᠨᠡᠮᠡᠵᠦ ᠲᠠᠷᠬᠠᠭᠠᠭᠰᠠᠨ ᠤᠯᠤᠰ ᠤᠨ ᠵᠢᠭᠡᠯᠡᠯᠭᠡ ᠶᠢᠨ ᠲᠡᠮᠳᠡᠭᠲᠦ 8.2 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ 308 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠵᠦ ᠭᠤᠣᠯ ᠴᠣᠭᠴᠠ ᠶᠢ ᠴᠢᠩᠭᠠᠳᠬᠠᠪᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠤ ᠰᠦᠢᠳᠬᠡᠯ ᠢ ᠬᠤᠶᠢᠰᠢᠯᠠᠭᠤᠯᠬᠤ 11.5 ᠳ᠋ᠦᠩᠰᠢᠭᠤᠷ ᠲᠥᠭᠦᠷᠢᠭ ᠠᠴᠠ ᠳᠡᠭᠡᠭᠰᠢ ᠶᠢ ᠰᠢᠨ᠎ᠡ ᠪᠠᠷ ᠨᠡᠮᠡᠭᠳᠡᠭᠦᠯᠵᠦ᠂ 5.8 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠰᠦᠢᠳᠬᠡᠯ ᠢ ᠪᠠᠭᠠᠰᠬᠠᠨ ᠠᠰᠢᠭ ᠬᠦᠷᠲᠡᠭᠡᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 18.5% ᠪᠠᠷ ᠨᠡᠮᠡᠭᠳᠡᠨ᠂ ᠥᠷᠢ ᠥᠭᠴᠡᠭᠡ ᠶᠢ ᠠᠷᠢᠯᠭᠠᠬᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠲᠥᠯᠥᠵᠦ ᠳᠠᠭᠤᠰᠬᠠᠬᠤ ᠣᠨ ᠤ ᠡᠭᠦᠷᠭᠡ ᠪᠠᠨ ᠪᠡᠶᠡᠯᠡᠭᠦᠯᠪᠡ᠃ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ 2.7 ᠲᠦᠮᠡᠨ ᠡᠷᠦᠬᠡ ᠪᠠᠶᠢᠵᠤ᠂ 16.7 ᠲᠦᠮᠡᠨ ᠡᠷᠦᠬᠡ ᠳᠤ ᠬᠦᠷᠴᠦ᠂ 7 ᠺᠣᠮᠫᠠᠨᠢ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠲᠤ ᠣᠷᠣᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 62% ᠲᠤ ᠬᠥᠷᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠳᠠᠨᠵᠢᠯᠭᠠᠲᠤ ᠪᠡᠯᠡ ᠬᠤᠷᠠᠮᠳᠤᠭᠤᠯᠭ᠎ᠠ 3 ᠳᠠᠬᠢᠨ ᠢᠯᠡᠭᠦᠦ ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠪᠥᠬᠦ ᠣᠷᠣᠨ ᠤ 2 ᠳ᠋ᠤᠭᠠᠷ ᠲᠤ ᠣᠷᠣᠪᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠰᠢᠭ ᠣᠯᠵᠠᠪᠤᠷᠢ 123.3% ᠪᠠᠷ ᠨᠡᠮᠡᠭᠳᠡᠪᠡ᠃ ᠰᠢᠨ᠎ᠡ ᠠᠬᠤᠢ ᠪᠠᠶᠢᠳᠠᠯ ᠢ ᠡᠭᠦᠳᠴᠦ ᠬᠡᠷᠡᠭᠯᠡᠭᠡ ᠶᠢ ᠠᠬᠢᠭᠤᠯᠪᠠ᠃ ︽ᠬᠤᠳᠠᠯᠳᠤᠭᠠᠨ ᠤ ᠤᠯᠠᠭᠠᠨᠴᠠᠪ︾ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠠᠭᠤ ᠭᠠᠷᠤᠢ ᠤᠳᠠᠭ᠎ᠠ ᠦᠷᠨᠢᠭᠦᠯᠵᠦ᠂ ᠪᠠᠷᠤᠭ ᠮᠢᠩᠭᠠᠨ ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠵᠢᠵᠢᠭᠯᠡᠨ ᠪᠣᠷᠣᠯᠠᠭᠤᠯᠭ᠎ᠠ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 12 % ᠪᠠᠷ ᠨᠡᠮᠡᠭᠳᠡᠪᠡ᠃ ᠰᠦᠯᠵᠢᠶ᠎ᠡ ᠪᠠᠷ ᠪᠣᠷᠣᠯᠠᠭᠤᠯᠬᠤ᠂ ᠰᠢᠭᠤᠳ ᠨᠡᠪᠲᠡᠷᠡᠭᠦᠯᠬᠦ ᠡᠯᠧᠺᠲᠷᠣᠨ ᠪᠣᠷᠣᠯᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠳᠠᠭᠠᠭᠠᠴᠢᠯᠠᠨ ᠣᠷᠣᠭᠤᠯᠤᠭᠰᠠᠨ ᠬᠡᠮᠵᠢᠶ᠎ᠡ 1.8 ᠳ᠋ᠦᠩᠰᠢᠭᠤᠷ ᠬᠤᠪᠢ ᠶᠢ ᠳᠠᠪᠠᠵᠤ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 30 % ᠪᠠᠷ ᠨᠡᠮᠡᠭᠳᠡᠪᠡ᠃ ᠲᠠᠸᠠᠷ ᠤᠨ ᠣᠷᠣᠨ ᠰᠠᠭᠤᠴᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 52.6% ᠪᠠᠷ ᠨᠡᠮᠡᠭᠳᠡᠪᠡ᠃ 9 ᠠᠵᠤ ᠠᠬᠤᠶᠢᠯᠠᠯ ᠨᠢ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠮᠦᠴᠡ ᠬᠤᠷᠣᠮ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠬᠤᠲᠠ ᠪᠠᠷ ᠦᠨᠡᠯᠡᠭᠳᠡᠵᠦ᠂ ᠵᠢᠨᠢᠩ ᠲᠣᠭᠤᠷᠢᠭ ᠤᠨ ᠴᠠᠬᠠᠷ ᠡᠷᠲᠡᠨ ᠤ ᠵᠡᠭᠡᠯᠢ ᠨᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠲᠣᠭᠤᠷᠢᠭ ᠢᠶᠠᠷ ᠰᠣᠩᠭᠤᠭᠳᠠᠪᠠ᠃ ︵ᠬᠤᠶᠠᠷ︶ ᠬᠡᠯᠬᠢᠶᠡᠵᠢᠯ ᠤᠨ ᠰᠡᠳᠬᠢᠬᠦᠢ ᠪᠠᠷ ᠵᠢᠯᠣᠭᠤᠳᠤᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠲᠡᠮᠦᠷ ᠤᠨ ᠬᠠᠶᠢᠯᠤᠰᠢ ᠶᠢᠨ ᠦᠢᠯᠡᠰ ᠤᠨ ᠬᠢᠨ ᠲᠠᠰᠤᠷᠠᠯᠲᠠ ᠦᠭᠡᠢ ᠰᠢᠨᠵᠢᠯᠡᠬᠦ ᠤᠬᠠᠭᠠᠨᠴᠢᠯᠠᠬᠤ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ︽ᠭᠤᠷᠪᠠᠨ ᠨᠢᠭᠡ ᠪᠦᠯᠦᠭ︾ ︽ᠲᠠᠪᠤᠵᠢᠯᠲᠠ ᠶᠢᠨ ᠥᠭᠡᠷᠡᠴᠢᠯᠡᠯᠲᠡ︾ ᠶᠢ  ᠭᠦᠨᠵᠡᠭᠡᠢ ᠠᠬᠢᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠢ 96 ᠪᠠᠶᠢᠭᠰᠠᠨ ᠠᠴᠠ ᠨᠢ 42 ᠪᠣᠯᠭᠠᠨ ᠰᠢᠯᠢᠳᠡᠭᠵᠢᠭᠦᠯᠵᠦ᠂ ᠭᠠᠷᠤᠯᠲᠠ ᠶᠢᠨ ᠬᠡᠮᠵᠢᠶ᠎ᠡ 950 ᠲᠦᠮᠡᠨ ᠲᠣᠨ ᠳᠤ ᠬᠦᠷᠴᠦ᠂ ᠪᠦᠬᠦ ᠤᠯᠤᠰ ᠤᠨ 27% ᠶᠢ ᠡᠵᠡᠯᠡᠵᠦ᠂ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶᠠᠲᠤ ᠦᠷᠳᠡᠭ ᠠᠴᠠ ᠳᠡᠭᠡᠭᠰᠢᠬᠢ ᠦᠢᠯᠡᠳᠪᠦᠷᠢᠯᠡᠬᠦ ᠴᠢᠳᠠᠪᠤᠷᠢ 30% ᠶᠢ ᠳᠠᠪᠠᠵᠤ᠂ ᠪᠦᠬᠦ ᠤᠯᠤᠰ ᠤᠨ ᠳᠤᠮᠳᠠᠴᠢ ᠲᠦᠪᠰᠢᠨ ᠠᠴᠠ ᠬᠤᠯᠠ ᠳᠠᠪᠠᠵᠤ᠂ ᠨᠡᠮᠡᠭᠳᠡᠯ ᠦᠷᠳᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ 1/4 ᠶᠢ ᠡᠵᠡᠯᠡᠪᠡ᠃ ᠪᠢᠯᠢᠭ ᠲᠤᠶᠢᠯ ᠤᠨ ᠮᠠᠲ᠋ᠧᠷᠢᠶᠠᠯ ᠦᠢᠯᠡᠳᠪᠦᠷᠢᠯᠡᠬᠦ 11 ᠠᠵᠤ ᠠᠬᠤᠶᠢᠯᠠᠯ ᠪᠥᠬᠦ ᠠᠵᠢᠯ ᠤᠨ ᠳᠠᠷᠠᠭᠠᠯᠠᠯ ᠢᠶᠠᠷ ᠲᠠᠰ ᠳᠡᠪᠰᠢᠭᠦᠯᠬᠦ ᠥᠭᠡᠷᠡᠴᠢᠯᠡᠯᠲᠡ ᠶᠢ ᠥᠷᠨᠢᠭᠦᠯᠵᠦ᠂ ᠠᠵᠢᠯ ᠲᠥᠷᠥᠯ ᠢ ᠳᠠᠶᠢᠴᠢᠯᠠᠨ ᠭᠠᠷᠤᠯᠲᠠ ᠶᠢ 11% ᠪᠠᠷ ᠨᠡᠮᠡᠭᠳᠡᠭᠦᠯᠵᠦ᠂ 34 ᠲᠦᠮᠡᠨ ᠲᠣᠨ ᠳᠤ ᠬᠦᠷᠦᠭᠦᠯᠪᠡ᠃ 288 ᠠᠵᠤ ᠠᠬᠤᠶᠢᠯᠠᠯ ᠲᠣᠭᠠᠴᠢᠯᠠᠭᠰᠠᠨ ᠣᠨᠣᠰᠢᠯᠠᠯᠲᠠ ᠶᠢ ᠪᠡᠶᠡᠯᠡᠭᠦᠯᠵᠦ᠂ 15 ᠠᠵᠤ ᠠᠬᠤᠶᠢᠯᠠᠯ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠪᠠᠷᠢᠮᠵᠢᠶ᠎ᠠ ᠳᠤ ᠨᠡᠶᠢᠴᠡᠭᠰᠡᠨ ᠦᠨᠡᠯᠡᠨ ᠲᠣᠭᠲᠠᠭᠠᠯᠲᠠ ᠶᠢ ᠭᠥᠷᠳᠡᠪᠡ᠃ ᠪᠣᠬᠢᠷᠳᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢ ᠲᠦᠷᠭᠡᠪᠴᠢᠯᠡᠨ ᠬᠡᠷᠡᠭᠵᠢᠭᠦᠯᠵᠦ᠂ ︽ᠲᠠᠪᠤᠨ ᠨᠢᠭᠡ︾ ᠶᠢᠨ ᠠᠵᠤ ᠦᠢᠯᠡᠰ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠵᠤ᠂ ᠪᠦᠬᠦ ᠤᠯᠤᠰ ᠤᠨ ᠬᠠᠮᠤᠭ ᠤᠨ ᠲᠣᠮᠣ ᠬᠠᠶᠢᠯᠤᠰᠢ ᠮᠠᠲ᠋ᠧᠷᠢᠶᠠᠯ᠂ ᠪᠢᠯᠢᠭ ᠲᠤᠶᠢᠯ ᠤᠨ ᠮᠠᠲ᠋ᠧᠷᠢᠶᠠᠯ᠂ PVDF᠂ PVA᠂ ᠲᠥᠮᠥᠰᠥᠨ ᠵᠦᠰᠦᠮ ᠤᠨ ᠦᠢᠯᠡᠳᠪᠦᠷᠢᠯᠡᠯ ᠤᠨ ᠰᠠᠭᠤᠷᠢᠨ ᠤ ᠪᠠᠶᠢᠷᠢ ᠰᠠᠭᠤᠷᠢ ᠦᠷᠭᠦᠯᠵᠢᠯᠡᠨ ᠪᠠᠬᠢᠵᠢᠪᠡ᠃ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠬᠤᠷᠠᠮᠳᠤᠭᠤᠯᠤᠨ ᠵᠤᠵᠠᠭᠠᠳᠬᠠᠬᠤ ᠶᠢ ᠪᠡᠶᠡᠯᠡᠭᠦᠯᠪᠡ᠃ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠢᠯ ᠢ 12 ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠳᠥᠷᠪᠡᠳ ᠬᠤᠰᠢᠭᠤᠨ ᠤ 120 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠲᠣᠣᠷ ᠲᠤ ᠨᠡᠶᠢᠯᠡᠭᠦᠯᠪᠡ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠺᠣᠮᠫᠠᠨᠢ ᠶᠢᠨ ᠰᠠᠯᠬᠢᠨ ᠡᠨᠧᠷᠭᠢ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ᠂ ᠢᠵᠢ ᠪᠦᠷᠢᠳᠦᠭᠦᠯᠦᠭᠰᠡᠨ ᠪᠥᠬᠦ ᠤᠯᠤᠰ ᠤᠨ ᠠᠩᠬᠠᠳᠠᠭᠴᠢ ︽ᠪᠠᠷᠠᠭᠤᠨ ᠤ ᠤᠰᠤᠲᠥ᠋ᠷᠥᠭᠴᠢ ᠶᠢ ᠵᠡᠭᠦᠨᠰᠢ ᠬᠦᠷᠭᠡᠬᠦ︾ ᠬᠤᠭᠤᠯᠠᠢ ᠶᠢ ᠤᠯᠤᠰ ᠤᠨ ᠲᠥᠯᠦᠪᠵᠢᠭᠦᠯᠭᠡ ᠳᠤ ᠣᠷᠣᠭᠤᠯᠪᠠ᠃ ᠵᠦᠩ ᠴᠧ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠸᠧ ᠲᠠᠢ ᠡᠨᠧᠷᠭᠢ᠂ ᠴᠠᠩ ᠶᠢᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠠᠯᠬᠢᠨ ᠬᠦᠴᠦᠨ ᠤ ᠮᠠᠰᠢᠨ ᠤ ᠪᠦᠬᠦᠯᠢ ᠮᠠᠰᠢᠨ᠂ ᠨᠢᠰᠬᠡᠯ ᠤᠨ ᠥᠷᠥᠭᠡᠨ ᠤ ᠪᠦᠷᠬᠦᠭᠦᠯ᠂ ᠰᠤᠪᠤᠷᠭ᠎ᠠ ᠶᠢᠨ ᠬᠤᠭᠤᠯᠠᠢ᠂ ᠨᠠᠪᠴᠢᠨ ᠢᠯᠲᠠᠰᠤ ᠶᠢᠨ ᠦᠢᠯᠡᠳᠪᠦᠷᠢᠯᠡᠬᠦ ᠴᠢᠳᠠᠪᠤᠷᠢ ᠴᠥᠮ ᠪᠥᠬᠦ ᠣᠷᠣᠨ ᠤ 2 ᠳ᠋ᠤᠭᠠᠷ ᠲᠤ ᠣᠷᠣᠪᠠ᠃ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠴᠠᠪ ᠤᠨ ᠡᠬᠡ ᠭᠠᠵᠠᠷ ᠲᠤ ︽ᠪᠣᠬᠢᠷᠳᠣᠯ ᠦᠭᠡᠢ ᠴᠠᠬᠢᠯᠭᠠᠨ︾᠂ ︽ᠪᠣᠬᠢᠷᠳᠣᠯ ᠦᠭᠡᠢ ᠡᠨᠧᠷᠭᠢ︾ ᠬᠠᠩᠭᠠᠮᠵᠢᠲᠠᠢ ᠪᠠᠶᠢᠨ᠎ᠠ᠃ ᠲᠣᠭᠠᠴᠢᠯᠠᠭᠰᠠᠨ ᠠᠵᠤ ᠠᠬᠤᠢ ᠪᠠᠷ ᠴᠢᠳᠠᠪᠬᠢ ᠣᠯᠭᠤᠵᠤ ᠬᠤᠷᠳᠤᠴᠠ ᠶᠢ ᠲᠦᠷᠭᠡᠳᠬᠡᠵᠦ ᠬᠦᠴᠦ ᠨᠡᠮᠡᠷᠢᠯᠡᠪᠡ᠃ ᠵᠦᠩ ᠯᠢᠶᠠᠨ ᠶᠦᠨ ᠭᠠᠩ᠂ ᠪᠥᠸᠧ ᠲᠦᠩ ᠱᠢ ᠳ᠋ᠡ ᠵᠡᠷᠭᠡ ᠨᠢᠭᠡ ᠪᠦᠯᠦᠭ ᠣᠶᠤᠨᠲᠤ  ᠪᠣᠳᠣᠯᠲᠠ ᠶᠢᠨ ᠲᠥᠪ ᠰᠠᠭᠤᠷᠢᠰᠢᠵᠤ᠂ ᠪᠦᠬᠦ ᠬᠤᠲᠠ ᠶᠢᠨ ᠮᠠᠰᠢᠨ ᠤ ᠲᠠᠯᠪᠢᠭᠤᠷ ᠪᠠᠶᠢᠭᠤᠯᠤᠭᠰᠠᠨ ᠨᠤᠷᠮ᠎ᠠ ᠨᠢ 62% ᠲᠤ ᠬᠦᠷᠴᠦ᠂ ᠪᠣᠳᠣᠯᠲᠠ ᠶᠢᠨ ᠴᠢᠳᠠᠪᠤᠷᠢ ᠨᠢ 14000P ᠳᠤ ᠬᠦᠷᠴᠦ᠂ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠨᠡᠮᠡᠭᠳᠡᠯ ᠦᠷᠳᠡᠭ ᠨᠢ 22.5% ᠪᠠᠷ ᠨᠡᠮᠡᠭᠳᠡᠵᠦ᠂  ᠤᠯᠤᠰ ᠤᠨ ︽︿ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠪᠣᠳᠣᠬᠤ﹀ ᠬᠡᠪ ᠳᠠᠭᠤᠷᠢᠶᠠᠯ︾ ᠪᠠ ︽ᠪᠣᠳᠣᠯᠲᠠ ᠶᠢᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ︾ ᠶᠢᠨ ᠢᠷᠠᠭᠤ ᠠᠯᠳᠠᠷ ᠢ ᠬᠦᠷᠲᠡᠵᠡᠢ᠃ 5G ᠶᠢᠨ ᠰᠠᠭᠤᠷᠢ ᠥᠷᠲᠡᠭᠡ ᠶᠢ 1647 ᠰᠢᠨ᠎ᠡ ᠪᠠᠷ ᠨᠡᠭᠡᠭᠡᠵᠦ᠂ 5G ᠶᠢᠨ ᠰᠦᠯᠵᠢᠶ᠎ᠡ ᠰᠢᠶᠠᠨ ᠤ ᠬᠤᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠦᠬᠦ ᠤᠯᠤᠰ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠰᠢᠯᠢᠳᠡᠭ ᠦᠢᠯᠡᠳᠦᠯᠭᠡ ᠶᠢᠨ ᠵᠢᠱᠢᠶ᠎ᠡ ᠪᠠᠷ ᠰᠣᠩᠭᠤᠭᠳᠠᠵᠤ᠂ ᠵᠢᠯᠤᠭᠤᠳᠬᠤ ᠲᠥᠪ ︽ᠨᠢᠭᠡ ᠳᠡᠯᠭᠡᠴᠡ ᠪᠠᠷ ᠨᠢᠭᠡᠳᠦᠯᠲᠡᠢ ᠬᠠᠮᠢᠶᠠᠷᠬᠤ︾ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠦᠬᠦᠨ ᠢᠶᠠᠷ ᠢᠶᠠᠨ ᠣᠶᠤᠨᠲᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠣᠶᠤᠨᠲᠤ ᠰᠣᠶᠣᠯ ᠵᠢᠭᠤᠯᠴᠢᠯᠠᠯ᠂ ᠣᠶᠣᠨᠲᠤ ᠳᠣᠲᠤᠭᠠᠳᠤ ᠶᠢ ᠬᠠᠮᠠᠭᠠᠯᠠᠬᠤ ᠵᠡᠷᠭᠡ ᠵᠢᠱᠢᠶ᠎ᠡ ᠦᠵᠡᠭᠦᠯᠬᠦ ᠬᠡᠷᠡᠭᠯᠡᠭᠡᠨ ᠤ ᠲᠠᠯᠠᠪᠤᠷ ᠢ ᠠᠰᠢᠭᠯᠠᠯᠲᠠ ᠳᠤ ᠣᠷᠣᠭᠤᠯᠪᠠ᠃ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠪᠡ᠃ᠤᠷᠲᠤ ᠴᠠᠭᠠᠨ ᠬᠡᠷᠡᠮ ᠤᠨ ᠶᠠᠷᠢᠶᠠᠨ ᠤ ᠲᠠᠪᠴᠠᠩ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠪᠠᠷᠠᠭᠤᠨᠰᠢ ᠠᠶᠠᠯᠠᠵᠤ ᠴᠠᠰᠤᠨ ᠳᠤ ᠭᠤᠯᠭᠤᠬᠤ ᠵᠡᠷᠭᠡ 400 ᠭᠠᠷᠤᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠦᠷᠨᠢᠭᠦᠯᠵᠦ᠂ ︽ᠲᠠᠯ᠎ᠠ ᠨᠤᠲᠤᠭ ᠤᠨ ᠠᠶᠠᠯᠠᠯ︾ ︽ᠮᠥᠰᠥ ᠴᠠᠰᠤᠨ ᠤ ᠪᠣᠯᠵᠤᠭ᠎ᠠ︾ ᠵᠡᠷᠭᠡ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ︽ᠤᠯᠠᠭᠠᠨᠴᠠᠪ ᠤᠨ ᠦᠳᠡᠰᠢ︾ ᠠᠵᠢᠯᠯᠠᠭ᠎ᠠ ᠡᠬᠢᠯᠡᠭᠰᠡᠨ 4 ᠰᠠᠷ᠎ᠠ ᠶᠢᠨ ᠬᠤᠭᠤᠴᠠᠭᠠᠨ ᠳᠤ ᠵᠢᠭᠤᠯᠴᠢᠯᠠᠭᠴᠢᠳ ᠤᠨ ᠲᠤᠭ᠎ᠠ 500 ᠲᠦᠮᠡᠨ ᠬᠥᠮᠥᠨ ᠤᠳᠠᠭ᠎ᠠ ᠶᠢ ᠳᠠᠪᠠᠪᠠ᠃ 30 ᠵᠢᠭᠤᠯᠴᠢᠯᠠᠯ ᠤᠨ ᠠᠷᠠᠳ ᠤᠨ ᠪᠠᠭᠤᠴᠠ ᠶᠢ ᠰᠢᠨ᠎ᠡ ᠪᠠᠷ ᠨᠡᠮᠡᠭᠳᠡᠭᠦᠯᠵᠦ᠂ 146 ᠡᠷᠦᠬᠡ ᠳᠤ ᠬᠦᠷᠦᠭᠦᠯᠵᠦ᠂ ᠤᠯᠠᠭᠠᠨᠬᠠᠳᠠ ᠶᠢᠨ ᠸᠠᠩᠱᠠᠨ ᠤ ᠠᠷᠠᠳ ᠤᠨ ᠪᠠᠭᠤᠴᠠ ᠨᠢ 2023 ᠣᠨ ᠳᠤ ᠪᠦᠬᠦ ᠣᠷᠣᠨ ᠤ ᠴᠣᠷ ᠤᠨ ᠭᠠᠭᠴᠠ ᠤᠯᠤᠰ ᠤᠨ ᠬᠥᠬᠡ ᠳᠡᠰ ᠤᠨ ᠵᠢᠭᠤᠯᠴᠢᠯᠠᠯ ᠤᠨ ᠠᠷᠠᠳ ᠤᠨ ᠪᠠᠭᠤᠴᠠ ᠪᠠᠷ ᠦᠨᠡᠯᠡᠭᠳᠡᠵᠦ᠂ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠵᠤ ᠬᠤᠨᠣᠭᠯᠠᠬᠤ ᠪᠠᠭᠤᠴᠠ ᠶᠢ 5 ᠰᠢᠨ᠎ᠡ ᠪᠠᠷ ᠪᠠᠶᠢᠭᠤᠯᠪᠠ᠃ ᠪᠥᠬᠦ ᠤᠯᠤᠰ ᠤᠨ ︽ᠵᠤᠰᠠᠯᠠᠩ ᠵᠢᠭᠤᠯᠴᠢᠯᠠᠯ ᠤᠨ ᠰᠢᠯᠢᠳᠡᠭ ᠰᠤᠩᠭᠤᠯᠲᠠ ᠶᠢᠨ ᠭᠠᠵᠠᠷ︾ ︽ᠬᠥᠮᠥᠰ ᠤᠨ ᠠᠩᠬᠠᠷᠤᠯ ᠢ ᠬᠠᠮᠤᠭ ᠠᠴᠠ ᠢᠯᠡᠭᠦᠦ ᠲᠠᠲᠠᠭᠰᠠᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠬᠤᠲᠠ ︵ᠣᠷᠣᠰᠢᠨ ᠰᠠᠭᠤᠬᠤ ᠪᠠ ᠵᠤᠭᠠᠴᠠᠬᠤ ᠳᠤ ᠲᠣᠬᠢᠷᠠᠮᠵᠢᠲᠠᠢ︶︾ ᠶᠢᠨ ᠴᠣᠯᠠ ᠶᠢ ᠭᠥᠷᠳᠡᠪᠡ᠃ ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠨᠡᠭᠡᠭᠡᠯᠲᠡ ᠶᠢᠨ ᠲᠥᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ︽ᠭᠤᠷᠪᠠᠨ ᠨᠢᠭᠡ︾ ᠶᠢᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠲᠥᠯᠥᠪᠯᠡᠭᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 5᠂ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ 7᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 11 ᠶᠢ ᠪᠠᠶᠢᠭᠤᠯᠪᠠ᠃ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠵᠡᠷᠭᠡ 67 ᠲᠦᠷᠦᠯ ᠵᠦᠢᠯ ᠢ ᠬᠡᠷᠡᠭᠵᠢᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 33.4% ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 61 ᠵᠦᠢᠯ ᠤᠨ ᠦᠷ᠎ᠡ ᠪᠦᠲᠦᠭᠡᠯ ᠢ ᠳᠠᠩᠰᠠᠯᠠᠭᠰᠠᠨ ᠪᠠᠶᠢᠨ᠎ᠠ᠃ ᠰᠠᠶᠢᠨᠣ᠋ ᠺᠣᠮᠫᠠᠨᠢ ᠤᠯᠤᠰ ᠤᠨ ᠬᠤᠨᠢᠨ ᠤ ᠤᠳᠤᠮᠰᠢᠯ ᠤᠨ ᠡᠭᠦᠯᠳᠡᠷ ᠪᠣᠶᠢᠵᠢᠭᠤᠯᠬᠤ ᠪᠠ ᠦᠷᠡᠵᠢᠭᠦᠯᠦᠨ ᠰᠠᠶᠢᠵᠢᠷᠠᠭᠤᠯᠬᠤ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠣᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠦᠷᠳᠡᠭᠡ ᠪᠠᠷ ᠵᠥᠪᠰᠢᠶᠡᠷᠡᠭᠳᠡᠵᠦ᠂ ᠰᠦᠨ ᠤ ᠬᠤᠣᠰ ᠰᠠᠯᠠᠭᠠᠲᠤ ᠰᠠᠪᠬᠠᠨᠴᠢᠷ ᠪᠠᠺᠲ᠋ᠧᠷᠢ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠵᠤ᠂ ᠲᠡᠮᠦᠷ ᠤᠨ ᠬᠠᠶᠢᠯᠤᠰᠢ ᠶᠢᠨ ᠬᠠᠶᠠᠭᠳᠠᠮᠠᠯ ᠰᠢᠭᠠᠷᠤ ᠶᠢᠨ ᠴᠢᠨᠠᠷ ᠢ ᠬᠤᠪᠢᠷᠠᠭᠤᠯᠤᠨ ᠦᠢᠯᠡᠳᠴᠦ ᠰᠢᠨ᠎ᠡ ᠬᠡᠯᠪᠡᠷᠢ ᠶᠢᠨ ᠴᠢᠯᠠᠭᠤᠨ ᠮᠠᠲ᠋ᠧᠷᠢᠶᠠᠯ ᠳᠤ ᠲᠤᠷᠰᠢᠨ ᠬᠡᠷᠡᠭᠯᠡᠭᠡᠳ ᠠᠮᠵᠢᠯᠲᠠ ᠣᠯᠪᠠ᠃ ᠤᠯᠤᠰ ᠤᠨ ᠡᠭᠡᠳᠡᠭᠰᠡᠨ ᠰᠦ ᠪᠣᠯᠣᠨ ᠥᠪᠡᠷᠲᠡᠭᠡᠨ ᠵᠠᠰᠠᠬᠤ ᠣᠷᠣᠨ ᠤ ᠲᠥᠮᠥᠰᠥ᠂ ᠨᠣᠬᠠᠢ ᠶᠢᠨ ᠬᠤᠰᠢᠭᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠮᠵᠢᠨ ᠰᠢᠯᠭᠠᠬᠤ ᠲᠥᠪ ᠢ ᠪᠠᠶᠢᠭᠤᠯᠬᠤ ᠪᠠᠷ ᠵᠥᠪᠰᠢᠶᠡᠷᠡᠭᠳᠡᠪᠡ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃ ︽ᠮᠢᠩᠭᠠᠨ ᠵᠦᠢᠯ ᠤᠨ ᠠᠮᠠᠯᠠᠯᠲᠠ︾ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠴᠢᠷ ᠭᠦᠢᠴᠡᠳᠬᠡᠬᠦ ᠴᠠᠭ ᠬᠤᠭᠤᠴᠠᠭ᠎ᠠ ᠶᠢ 63.2%᠂ ᠭᠤᠭᠴᠤᠭ᠎ᠠ ᠶᠢ 33.6%᠂ ᠮᠠᠲ᠋ᠧᠷᠢᠶᠠᠯ ᠢ 31.5% ᠪᠠᠷ ᠪᠠᠭᠠᠰᠬᠠᠪᠠ᠃ ︽ᠨᠢᠭᠡ ᠰᠦᠯᠵᠢᠶ᠎ᠡ ᠪᠠᠷ ᠭᠦᠢᠴᠡᠳᠬᠡᠬᠦ︾ ᠶᠢᠨ ᠡᠮᠬᠢᠯᠡᠨ ᠴᠤᠭᠯᠠᠭᠤᠯᠵᠤ ᠭᠦᠢᠴᠡᠳᠬᠡᠭᠰᠡᠨ ᠬᠡᠮᠵᠢᠶ᠎ᠡ  ᠨᠢ ᠵᠠᠭᠤᠨ ᠲᠦᠮᠡ ᠶᠢ ᠳᠠᠪᠠᠵᠤ᠂ ︽ᠲᠠᠨ ᠢ ᠬᠠᠪᠰᠤᠷᠴᠤ ᠭᠦᠢᠴᠡᠳᠬᠡᠬᠦ︾ ᠨᠢ ᠮᠢᠩᠭ᠎ᠠ ᠰᠢᠬᠠᠮ ᠠᠵᠤ ᠠᠬᠤᠶᠢᠯᠠᠯ ᠳᠤ ᠦᠢᠯᠡᠴᠢᠯᠡᠪᠡ᠃ ᠰᠢᠶᠠᠩ ᠪᠠᠯᠭᠠᠰᠤ ᠪᠠ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠲᠥᠪ ︵ᠥᠷᠲᠡᠭᠡ︶ ᠢ 1615 ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠲᠠ ᠰᠢᠶᠠᠨ ᠰᠢᠶᠠᠩ ᠲᠣᠰᠬᠤᠨ ᠳᠥᠷᠪᠡᠨ ᠱᠠᠲᠤᠨ ᠳᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ 12345 ᠬᠠᠯᠠᠮᠰᠢᠯ ᠤᠲᠠᠰᠤᠨ ᠤ ᠣᠶᠤᠨᠲᠤ ᠲᠠᠪᠴᠠᠩ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ 33.9 ᠲᠦᠮᠡᠨ ᠬᠤᠪᠢ ᠬᠦᠴᠦᠨ ᠪᠦᠬᠦᠢ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠬᠠᠷᠢᠭᠤ ᠦᠭᠭᠦᠭᠰᠡᠨ ᠨᠣᠷᠮ᠎ᠠ  ᠨᠢ 100% ᠳᠤ ᠬᠦᠷᠴᠦ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠴᠥᠮ 95 % ᠶᠢ ᠳᠠᠪᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠨᠢᠭᠡ ᠪᠦᠯᠦᠭ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠨᠡᠭᠡᠭᠡᠯᠲᠡ ᠬᠢᠵᠦ ᠬᠠᠮᠲᠤᠷᠠᠨ ᠠᠵᠢᠯᠯᠠᠵᠤ ᠰᠢᠨ᠎ᠡ ᠦᠷ᠎ᠡ ᠪᠦᠲᠦᠮᠵᠢ ᠣᠯᠪᠠ᠃ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠤᠯᠠᠭᠠᠨᠴᠠᠪ ᠤᠨ ᠬᠡᠰᠡᠭ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ︽ᠤᠯᠠᠭᠠᠨᠴᠠᠪ ᠤᠯᠠᠭᠠᠨᠪᠠᠭᠠᠲᠤᠷ ᠤᠯᠠᠭᠠᠠᠦ᠋ᠳᠡ︾ ᠨᠡᠪᠲᠡᠷᠡᠬᠦ ᠵᠠᠮ ᠨᠢ ᠪᠥᠬᠦ ᠣᠷᠣᠨ ᠤ ᠠᠩᠬᠠᠳᠠᠭᠴᠢ TIR ᠪᠠᠷᠠᠭᠠᠨ ᠤ ᠲᠡᠭᠡᠭᠡᠪᠦᠷᠢ ᠶᠢᠨ ᠱᠤᠭᠤᠮ ᠪᠣᠯᠪᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠭᠠᠳᠠᠭᠠᠳᠤ ᠣᠷᠣᠭᠤᠯᠤᠯᠲᠠ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠤᠨ ᠪᠠᠷᠠᠭᠠᠨ ᠤ ᠥᠷᠲᠡᠭ ᠪᠥᠬᠦ ᠣᠷᠣᠨ ᠤ ᠠᠳᠠᠯᠢ ᠲᠥᠷᠥᠯ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠤ 2 ᠳ᠋ᠤᠭᠠᠷ ᠲᠤ ᠣᠷᠣᠪᠠ᠃ ᠤᠯᠤᠰ ᠤᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠤᠨ ᠬᠤᠲᠠ ᠳᠤ ᠰᠣᠩᠭᠤᠭᠳᠠᠨ ᠣᠷᠣᠵᠤ᠂ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢᠶᠠᠷ ᠵᠥᠪᠰᠢᠶᠡᠷᠡᠭᠳᠡᠪᠡ᠃ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠬᠤᠳᠠ ᠶᠢᠨ ᠬᠥᠭᠵᠢᠯᠲᠡ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ᠂ ᠪᠦᠬᠦ ᠪᠥᠮᠪᠥᠷᠴᠡᠭ ᠤᠨ ᠳ᠋ᠠᠶᠢᠲ᠋ᠠ ᠶᠢᠨ ᠲᠥᠪ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠯᠠᠭᠠᠨᠴᠠᠪ ᠤᠨ ᠨᠠᠶᠢᠵᠠ ᠶᠢᠨ ᠲᠣᠭᠤᠷᠢᠭ ᠤᠨ ᠶᠠᠪᠤᠯᠴᠠᠭ᠎ᠠ ᠶᠠᠪᠤᠬᠤ ᠳᠤᠳᠤᠮ ᠶᠡᠬᠡᠰᠴᠦ᠂ ᠬᠠᠮᠲᠤᠷᠠᠯᠴᠠᠭᠠᠨ ᠤ ᠵᠠᠮ ᠶᠠᠪᠤᠬᠤ ᠳᠤᠳᠤᠮ ᠥᠷᠭᠡᠵᠢᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ︽ᠪᠠᠬᠢᠯᠡᠯᠲᠡ︾ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠰᠠᠶᠢᠵᠢᠷᠠᠪᠠ᠃ ︵ᠳᠥᠷᠪᠡ︶ ᠰᠢᠰᠲ᠋ᠧᠮ ᠲᠠᠢ  ᠪᠠᠷ ᠵᠠᠰᠠᠬᠤ ᠶᠢ ᠴᠢᠩᠭᠠᠳᠬᠠᠵᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠲᠥᠪ ᠬᠤᠲᠠ ᠶᠢᠨ ᠲᠣᠭᠤᠷᠢᠭ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 92.4% ᠪᠠᠶᠢᠵᠤ᠂ PM2.5 ᠶᠢᠨ ᠳᠤᠮᠳᠠᠴᠢ ᠥᠳᠬᠡᠴᠡ 23 ᠮᠢᠺᠷᠥᠭᠷᠠᠮ/ ᠪᠣᠰᠤᠭ᠎ᠠ ᠳᠥᠷᠪᠡᠯᠵᠢᠨ ᠮᠧᠲᠷ ᠪᠣᠯᠣᠨ᠎ᠠ᠃ 5 ᠤᠯᠤᠰ ᠤᠨ ᠭᠠᠵᠠᠷ ᠳᠡᠭᠡᠷᠡᠬᠢ ᠤᠰᠤᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷ ᠢ ᠴᠥᠮ Ⅲᠲᠥᠷᠥᠯ ᠠᠴᠠ ᠳᠡᠭᠡᠭᠰᠢ ᠪᠣᠯᠭᠠᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ᠂ ᠪᠠᠶᠢᠭᠤᠯᠤᠮᠵᠢᠲᠤ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 34.4 ᠪᠠ 23.4 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠭᠦᠯᠵᠦ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠤᠰᠤᠨ ᠤ ᠰᠤᠷᠪᠤᠯᠵᠢ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ ᠴᠥᠮ 100% ᠪᠠᠷ ᠪᠠᠲᠤᠯᠠᠪᠠ᠃ ᠯᠢᠶᠡᠩᠴᠧᠩ ᠰᠢᠶᠠᠨ ᠤᠯᠤᠰ ᠤᠨ ᠣᠷᠴᠢᠨ ᠠᠬᠤᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠷᠰᠢᠯᠲᠠ ᠤᠨ ᠴᠡᠭ ᠢᠶᠠᠷ ᠰᠣᠩᠭᠤᠭᠳᠠᠵᠤ᠂ ᠵᠢᠨᠢᠩ ᠲᠣᠭᠤᠷᠢᠭ᠂ ᠳᠥᠷᠪᠡᠳ ᠬᠤᠰᠢᠭᠤ ᠲᠣᠰ ᠲᠣᠰ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ᠂ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠥᠬᠡ ᠣᠭᠲᠠᠷᠭᠤᠢ ᠳᠤ ᠤᠳᠤᠨ ᠮᠡᠴᠢᠳ ᠪᠠᠶᠢᠩᠭᠤ ᠭᠢᠯᠠᠯᠵᠠᠵᠤ᠂ ᠬᠥᠬᠡᠮᠳᠦᠭ ᠤᠰᠤ ᠴᠡᠪᠡᠷ ᠬᠥᠷᠥᠰᠥᠨ ᠳᠤ ᠮᠥᠩᠬᠡ ᠣᠷᠣᠰᠢᠵᠤ᠂ ︽ᠪᠣᠬᠢᠷᠲᠤᠯ ᠦᠭᠡᠢ ᠠᠰᠠᠷᠠᠮᠵᠢ︾ ᠨᠢ ᠠᠷᠠᠳ ᠣᠯᠠᠨ ᠤ ︽ᠵᠣᠯ ᠵᠢᠷᠭᠠᠯ ᠤᠨ ᠪᠠᠷᠢᠮᠵᠢᠶ᠎ᠠ︾ ᠪᠣᠯᠪᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠪᠣᠳᠠᠲᠤ ᠦᠷ᠎ᠡ ᠪᠦᠲᠦᠮᠵᠢ ᠣᠯᠪᠠ᠃  66 ᠭᠤᠣᠯ ᠮᠥᠷᠡᠨ᠂ 11 ᠨᠠᠭᠤᠷ ᠴᠥᠭᠦᠷᠥᠮ ᠳᠤ ᠶᠠᠰᠤ ᠴᠢᠨᠠᠷ ᠤᠨ ᠦᠨᠡᠯᠡᠯᠲᠡ ᠬᠢᠪᠡ᠃ ᠳᠠᠭ᠎ᠠ ᠶᠢᠨ ᠨᠠᠭᠤᠷ᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠨᠢ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠨᠡᠶᠢᠲᠡᠯᠢᠭ ᠵᠢᠱᠢᠶ᠎ᠡ ᠪᠠᠷ ᠰᠣᠩᠭᠤᠭᠳᠠᠵᠤ᠂ ᠳᠠᠭ᠎ᠠ ᠶᠢᠨ ᠨᠠᠭᠤᠷ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠢᠶᠠᠷ ᠳᠠᠮᠵᠢᠨ ᠬᠠᠳᠤᠨ ᠭᠤᠣᠯ ᠤᠨ ᠤᠰᠤ ᠶᠢ ᠨᠡᠶᠢᠳᠡ 2800 ᠲᠦᠮᠡᠨ ᠪᠣᠰᠤᠭ᠎ᠠ ᠳᠥᠷᠪᠡᠯᠵᠢᠨ ᠮᠧᠲᠷ ᠰᠢᠬᠠᠮ ᠲᠠᠲᠠᠨ ᠠᠪᠴᠤ᠂ ᠴᠠᠭᠠᠨᠨᠠᠭᠤᠷ ᠤᠨ ᠨᠤᠭᠤ ᠭᠠᠵᠠᠷ ᠤᠨ ᠬᠤᠵᠢᠷᠯᠢᠭ ᠬᠤᠵᠢᠭᠢᠷ ᠲᠣᠯᠪᠤ ᠶᠢ ᠵᠠᠰᠠᠬᠤ ᠠᠵᠢᠯ ᠰᠢᠪᠲᠤᠯᠤᠯᠲᠠ ᠶᠢᠨ ᠴᠢᠨᠠᠷᠲᠡᠢ ᠠᠬᠢᠯᠲᠠ ᠲᠠᠢ ᠪᠣᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 4.5 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 53.4% ᠳᠤ ᠬᠥᠷᠪᠡ᠃ 88.9 ᠲᠦᠮᠡᠨ ᠮᠦ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠪᠦᠲᠦᠭᠡᠨ ᠪᠠᠶᠢᠭᠤᠯᠬᠤ ᠪᠠ ᠬᠠᠮᠠᠭᠠᠯᠠᠨ ᠰᠡᠷᠭᠦᠭᠡᠵᠦ᠂ 100 ᠲᠦᠮᠡᠨ ᠮᠦ ᠨᠢᠮᠪᠡᠭᠡ ᠶᠢ ᠲᠠᠷᠢᠵᠤ ᠲᠡᠭᠰᠢᠯᠡᠵᠦ᠂ ᠠᠭᠤᠷᠬᠠᠢ ᠶᠢᠨ ᠭᠠᠵᠠᠷ ᠤᠨ ᠣᠷᠴᠢᠨ ᠠᠬᠤᠢ ᠶᠢ 5.9 ᠲᠡᠭᠰᠢ ᠳᠥᠷᠪᠡᠯᠵᠢᠨ ᠺᠢᠯᠣᠮᠧᠲᠷ ᠵᠠᠰᠠᠵᠤ᠂ ᠣᠨ ᠤ ᠡᠭᠦᠷᠭᠡ ᠪᠠᠨ ᠴᠦᠮ ᠳᠠᠪᠠᠭᠤᠯᠤᠨ ᠪᠡᠶᠡᠯᠡᠭᠦᠯᠪᠡ᠃ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠳᠠᠭᠤᠰᠬᠠᠪᠠ᠃ ᠪᠥᠬᠦ ᠣᠷᠣᠨ ᠤ ᠠᠶᠢᠮᠠᠭ ᠬᠤᠲᠠ ᠶᠢᠨ ᠱᠠᠲᠤᠨ ᠤ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠴᠣᠷ ᠤᠨ ᠭᠠᠭᠴᠠ ᠲᠤᠷᠰᠢᠯᠲᠠ ᠶᠢᠨ ᠴᠡᠭ ᠪᠣᠯᠪᠠ᠃ ᠡᠬᠢ ᠪᠠᠶᠠᠯᠢᠭ ᠤᠨ ᠠᠰᠢᠭᠯᠠᠮᠵᠢ ᠲᠣᠭᠲᠠᠭᠤᠨ ᠢᠶᠠᠷ ᠳᠡᠭᠡᠭᠰᠢᠯᠡᠪᠡ᠃ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ 2.1 ᠲᠦᠮᠡᠨ ᠮᠦ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ᠂ 19 ︽ᠬᠠᠭᠠᠰ ᠳᠤᠲᠠᠭᠤ ᠣᠷᠬᠢᠭᠰᠠᠨ︾ ᠢᠨᠵᠧᠨᠧᠷᠢᠩ ᠢ ᠪᠥᠬᠦᠳᠡ ᠶᠢ ᠬᠠᠰᠤᠵᠤ᠂ 8387 ᠲᠦᠮᠡᠨ ᠲᠦᠭᠦᠷᠢᠭ ᠤᠨ ᠲᠤᠨᠤᠮᠠᠯ ᠪᠡᠯᠡ ᠮᠥᠩᠭᠦ ᠶᠢ ᠳ᠋ᠦᠩᠨᠡᠨ ᠲᠤᠰᠢᠶᠠᠪᠠ᠃ 0.6 ᠲᠦᠮᠡᠨ ᠮᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠠᠲᠠᠷᠰᠢᠭᠰᠠᠨ ᠲᠤᠰᠬᠤᠨ ᠢ ᠲᠠᠷᠢᠶᠠᠨ ᠭᠠᠵᠠᠷ ᠪᠣᠯᠭᠠᠨ ᠠᠰᠢᠭᠯᠠᠬᠤ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠤᠰᠤ ᠠᠷᠪᠢᠯᠠᠬᠤ 39 ᠲᠥᠷᠥᠯ ᠵᠦᠢᠯ ᠢ ᠬᠡᠷᠡᠭᠵᠢᠭᠦᠯᠵᠦ᠂ ᠤᠯᠤᠰ ᠠᠴᠠ ᠪᠢᠲᠡᠭᠦᠮᠵᠢᠯᠡᠬᠦ ᠶᠢ ᠱᠠᠭᠠᠷᠳᠠᠭᠰᠠᠨ ᠦᠭᠡᠢ 24 ᠣᠨᠴᠠ ᠲᠦᠷᠦᠯ ᠤᠨ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠢᠲᠡᠭᠦᠮᠵᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠦᠯᠡᠳᠡᠭᠳᠡᠯ ᠢᠯᠴᠢ᠂ ᠦᠯᠡᠳᠡᠭᠳᠡᠯ ᠬᠡᠢ᠂ ᠰᠡᠬᠦᠯ ᠤᠨ ᠬᠡᠢ ᠶᠢ ᠬᠤᠷᠢᠶᠠᠨ ᠠᠪᠴᠤ ᠠᠰᠢᠭᠯᠠᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 184 ᠲᠦᠮᠡᠨ ᠲᠣᠨ ᠪᠠᠭᠠᠰᠬᠠᠪᠠ᠃ 8 ᠦᠢᠯᠡᠳᠪᠦᠷᠢ᠂ 1 ᠵᠢᠷᠤᠭ ᠲᠥᠯᠥᠪᠯᠡᠭᠡ ᠶᠢᠨ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠡᠷᠡᠰ ᠲᠤ ᠣᠷᠣᠭᠤᠯᠪᠠ᠃ ᠬᠡᠲᠦᠷᠡᠲᠡᠯ᠎ᠡ ᠨᠡᠭᠡᠭᠡᠭᠰᠡᠨ ᠣᠷᠣᠨ ᠢ ᠵᠠᠰᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠬᠤ ᠪᠠᠨ ᠵᠣᠭᠰᠣᠵᠤ ᠳᠠᠬᠢᠨ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠮᠠᠶ᠋ᠢᠭ ᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠱᠠᠩᠳᠤ ᠰᠢᠶᠠᠨ ᠤᠯᠤᠰ ᠤᠨ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠢᠶᠠᠷ ᠦᠨᠡᠯᠡᠭᠳᠡᠪᠡ᠃ ︵ᠲᠠᠪᠤ︶ ᠬᠦᠴᠦᠨ ᠤ ᠡᠬᠢ ᠪᠠᠶᠠᠯᠢᠭ ᠢ ᠨᠢᠭᠡᠲᠦᠯᠳᠡᠢ ᠲᠥᠯᠥᠪᠵᠢᠭᠦᠯᠵᠦ᠂ ᠬᠤᠲᠠ ᠬᠥᠳᠡᠭᠡ ᠣᠷᠣᠨ ᠪᠦᠰᠡ ᠶᠢᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠲᠦᠷᠭᠡᠳᠬᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 1.38 ᠲᠦᠮᠡᠨ ᠬᠥᠳᠡᠯᠦᠩᠭᠦᠢ ᠬᠢᠨᠠᠨ ᠬᠡᠮᠵᠢᠯᠲᠡ ᠶᠢᠨ ᠡᠷᠦᠬᠡ ᠳᠤ ︽ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠬᠠᠪᠰᠤᠷᠪᠠᠰᠤ ᠵᠣᠬᠢᠬᠤ ᠶᠢ  ᠨᠢ ᠪᠦᠬᠦᠨ ᠢ ᠬᠠᠪᠰᠤᠷᠬᠤ︾ ᠶᠢ ᠪᠡᠶᠡᠯᠡᠭᠦᠯᠪᠡ᠃ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 43 ᠲᠦᠮᠡᠨ ᠮᠦ ᠦᠷ᠎ᠡ ᠶᠢᠨ ᠲᠥᠮᠥᠰᠥ ᠪᠠ ᠨᠣᠬᠠᠢ ᠶᠢᠨ ᠬᠤᠰᠢᠭᠤ ᠶᠢᠨ ᠰᠢᠯᠢᠳᠡᠭ ᠡᠭᠦᠯᠳᠡᠷ ᠢ ᠪᠣᠶᠢᠵᠢᠭᠤᠯᠬᠤ ᠰᠠᠭᠤᠷᠢᠨ ᠢ ᠪᠠᠶᠢᠭᠤᠯᠵᠤ᠂ 29.9 ᠲᠦᠮᠡᠨ ᠲᠣᠨ ᠮᠢᠬᠠᠨ ᠤ ᠲᠦᠷᠦᠯ᠂ 43.3 ᠲᠦᠮᠡᠨ ᠲᠣᠨ ᠰᠦ ᠦᠢᠯᠡᠳᠪᠦᠷᠢᠯᠡᠪᠡ᠃ ᠲᠥᠮᠥᠰᠥᠨ ᠤ ᠦᠢᠯᠡᠰ ᠤᠨ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠵᠦ᠂ ᠲᠥᠮᠥᠰᠥ ᠶᠢᠨ ᠠᠵᠤ ᠦᠢᠯᠡᠰ ᠤᠨ ᠦᠷ᠎ᠡ ᠶᠢᠨ ᠲᠥᠮᠥᠰᠥ ᠶᠢ ᠪᠣᠶᠢᠵᠢᠭᠤᠯᠬᠤ — ᠲᠠᠷᠢᠵᠤ ᠡᠳ᠋ᠰᠢᠬᠦᠯᠬᠦ — ᠬᠦᠮᠦᠷᠭᠡᠯᠡᠨ ᠬᠠᠳᠠᠭᠠᠯᠠᠵᠤ ᠪᠤᠷᠤᠯᠠᠭᠤᠯᠬᠤ ᠪᠦᠬᠦ ᠬᠡᠯᠬᠢᠶᠡᠵᠢᠯ ᠤᠨ ᠬᠦᠭᠵᠢᠯᠳᠡ ᠶᠢ ᠠᠩᠬ᠎ᠠ ᠠᠯᠬᠤᠮ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ 2 ᠡᠭᠦᠳᠦᠨ ᠪᠠᠶᠢᠭᠤᠯᠵᠤ᠂ 2 ᠰᠢᠶᠠᠩ ᠪᠠᠯᠭᠠᠰᠤ ᠤᠯᠤᠰ ᠤᠨ ᠲᠦᠷᠦᠭᠦᠦ ᠪᠦᠯᠦᠭ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠮᠠᠭᠠᠳᠯᠠᠨ ᠳᠤᠭᠳᠠᠭᠠᠯᠳᠠ ᠳᠤ ᠬᠢᠷᠢ ᠳᠡᠩᠴᠡᠪᠡ᠃ ᠨᠡᠶᠢᠲᠡ 89 ᠪᠦᠲᠦᠭᠡᠭᠳᠡᠬᠦᠨ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠳᠠ  ᠳᠤ ᠰᠤᠩᠭᠤᠭᠳᠠᠵᠤ᠂ ᠪᠥᠬᠦ ᠣᠷᠣᠨ ᠳᠤ 2 ᠳ᠋ᠤᠭᠠᠷ ᠲᠤ ᠤᠷᠤᠵᠤ᠂ 21 ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠵᠦ᠂ ︽ᠤᠤᠷ ᠠᠮᠳᠠᠳᠤ ᠤᠯᠠᠭᠠᠨᠴᠠᠪ︾ ᠤᠨ ᠡᠷᠬᠡ ᠣᠯᠭᠤᠭᠰᠠᠨ ᠠᠵᠤ ᠠᠬᠤᠶᠢᠯᠠᠯ 108 ᠪᠤᠯᠵᠠᠢ᠃ ᠤᠯᠤᠰ ᠤᠨ ᠴᠢᠬᠤᠯᠠ ᠪᠤᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠵᠤ᠂ ᠲᠤᠭ᠎ᠠ ᠬᠡᠮᠵᠢᠶ᠎ᠡ ᠪᠠᠷ ᠶᠡᠭᠡ ᠴᠢᠨᠠᠷᠯᠢᠭ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠬᠤᠯᠠ ᠤᠶᠢᠷ᠎ᠠ ᠳᠤ ᠠᠯᠳᠠᠷᠰᠢᠪᠠ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠨᠡᠩ ᠴᠢᠨᠠᠷ ᠴᠢᠨᠰᠠᠭ᠎ᠠ ᠲᠠᠢ ᠪᠣᠯᠪᠠ᠃ 1642 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ 717 ᠢᠵᠢ ᠳᠥᠭᠦᠮ ᠪᠦᠲᠦᠴᠡᠳᠦ ᠣᠷᠣᠨ ᠰᠠᠭᠤᠴᠠ ᠶᠢᠨ ᠲᠣᠭᠤᠷᠢᠭ᠂ 182 ᠢᠵᠢ ᠬᠠᠭᠤᠴᠢᠨ ᠰᠠᠭᠤᠭᠠᠯᠢ ᠲᠣᠭᠤᠷᠢᠭ ᠤᠨ ᠰᠢᠨᠡᠳᠭᠡᠨ ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 1083 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠵᠤ᠂ 2.8 ᠲᠦᠮᠡᠨ ᠠᠷᠠᠳ ᠤᠯᠠᠨ ᠤ ︽ᠠᠮᠤᠭᠤᠯᠠᠩ ᠣᠷᠣᠨ ᠰᠠᠭᠤᠴᠠ ᠶᠢᠨ ᠬᠦᠰᠡᠯ ︾ ᠢ ᠲᠡᠷᠭᠡᠯᠰᠢᠬᠦᠯᠪᠡ᠃ ᠢᠯᠴᠢ ᠬᠠᠩᠭᠠᠬᠤ᠂ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠶᠢᠨ ᠲᠣᠣᠷ ᠢ 729.2 ᠺᠢᠯᠣᠮᠧᠲᠷ ᠰᠢᠨ᠎ᠡ ᠪᠠᠷ ᠵᠠᠰᠠᠵᠤ ᠥᠭᠡᠷᠡᠴᠢᠯᠡᠨ ᠪᠠᠶᠢᠭᠤᠯᠵᠤ᠂ 10 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ 7 ︽ᠪᠢᠴᠢᠯ ᠴᠡᠴᠡᠷᠯᠢᠭ︾᠂ 449 ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠪᠠᠶᠢᠭᠤᠯᠵᠤ᠂ ᠬᠥᠳᠡᠭᠡ ᠲᠣᠰᠬᠤᠨ ᠤ 6293 ᠵᠣᠷᠯᠣᠩ ᠢ ᠦᠭᠡᠷᠡᠴᠢᠯᠡᠨ ᠵᠠᠰᠠᠪᠠ ᠃ 54 ᠲᠥᠪᠯᠡᠷᠡᠩᠭᠦᠢ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠪᠠ᠃ ᠤᠯᠤᠰ ᠤᠨ ᠵᠠᠮ ᠤᠨ 335 ᠱᠤᠭᠤᠮ ᠤᠨ ᠬᠥᠬᠡᠪᠤᠷ ᠠᠴᠠ ᠤᠯᠠᠭᠠᠨᠬᠤᠸᠠ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠱᠤᠭᠤᠮ ᠢ ᠨᠠᠪᠲᠠᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 355.8 ᠺᠢᠯᠣᠮᠧᠲᠷ ᠳᠡᠪᠢᠰᠪᠡ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠼᠦᠨ ᠲᠣᠰᠬᠤᠨ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠤ ᠢᠷᠠᠭᠤ ᠠᠯᠳᠠᠷ ᠢ ᠬᠦᠷᠲᠡᠵᠦ᠂ 4 ᠰᠢᠶᠠᠩ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠪᠠᠯᠭᠠᠰᠤ ᠪᠠᠷ ᠵᠦᠪᠰᠢᠶᠡᠷᠡᠭᠳᠡᠪᠡ᠃ ᠣᠷᠣᠨ ᠪᠦᠰᠡ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 5.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ 172 ᠲᠥᠷᠥᠯ ᠵᠦᠢᠯ ᠢ ᠬᠡᠷᠡᠭᠵᠢᠭᠦᠯᠵᠦ᠂ 34.7 ᠳ᠋ᠦᠩᠰᠢᠭᠤᠷ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠵᠦ᠂ ᠪᠡᠭᠡᠵᠢᠩ ᠤᠨ ᠰᠢᠶᠧ ᠾᠧ᠂ ᠪᠡᠭᠡᠵᠢᠩ ᠤᠨ ᠠᠨ ᠵᠧᠨ ᠵᠡᠷᠭᠡ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠦᠭᠡ ᠪᠠᠶᠢᠭᠤᠯᠵᠤ᠂ ᠪᠡᠭᠡᠵᠢᠩ ᠤᠨ ᠨᠠᠷᠠᠲᠤ ᠰᠤᠷᠭᠠᠭᠤᠯᠢ ᠶᠢᠨ ᠵᠠᠬᠢᠷᠤᠯ᠂ ᠨᠠᠷᠠᠲᠤ ᠪᠠᠭᠰᠢ᠂ ᠨᠠᠷᠠᠲᠤ ᠡᠮᠴᠢ ᠵᠡᠷᠭᠡ ᠮᠢᠩᠭ᠎ᠠ ᠭᠠᠷᠤᠢ ᠬᠦᠮᠦᠰ ᠤᠯᠠᠭᠠᠨᠴᠠᠪ ᠲᠤ ᠵᠢᠭᠠᠨ ᠰᠤᠷᠭᠠᠯᠲᠠ᠂ ᠣᠨᠣᠰᠢᠯᠠᠨ ᠡᠮᠨᠡᠬᠦ ᠠᠵᠢᠯ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠠᠭᠪᠤᠷ ᠢ ᠬᠦᠨᠵᠡᠭᠡᠶᠢᠷᠡᠬᠦᠯᠦᠨ ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠨᠡᠶᠢᠲᠡᠯᠢᠭ  ᠵᠢᠱᠢᠶ᠎ᠡ ᠪᠠᠷ ᠰᠣᠩᠭᠤᠭᠳᠠᠪᠠ᠃ ᠬᠥᠬᠡᠬᠤᠲᠠ ᠪᠤᠭᠤᠲᠤ ᠣᠷᠳᠣᠰ ᠲᠡᠮᠡᠭᠡᠲᠦ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ ᠯᠤᠭ᠎ᠠ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ 643 ᠬᠡᠷᠡᠭ ᠶᠠᠪᠤᠳᠠᠯ  ᠤᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 162 ᠬᠡᠷᠡᠭ ᠶᠠᠪᠤᠳᠠᠯ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠵᠠᠮ ᠬᠠᠷᠢᠯᠴᠠᠭ᠎ᠠ ᠬᠤᠯᠪᠤᠭᠠᠯᠠᠭᠰᠠᠨ᠂ ᠠᠮᠢ ᠠᠬᠤᠢ ᠶᠢ ᠬᠠᠮᠲᠤᠪᠠᠷ ᠵᠠᠰᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ︵ᠵᠢᠷᠭᠤᠭ᠎ᠠ︶ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠢᠨᠲᠠᠷᠠᠰᠢ ᠦᠭᠡᠢ ᠰᠠᠶᠢᠲᠤᠷ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ᠂ ︽ᠠᠵᠢᠯ ᠤᠨ ᠪᠠᠶᠢᠷᠢ᠂ ᠰᠤᠷᠤᠯᠴᠠᠬᠤ ᠪᠠᠶᠢᠷᠢ᠂ ᠡᠪᠡᠳᠴᠢᠳᠡᠨ ᠤ ᠤᠷᠤ᠂ ᠲᠡᠷᠭᠡᠨ ᠵᠣᠭᠰᠣᠭᠠᠯ᠂ ᠵᠤᠷᠯᠤᠩ︾ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0 ᠢ ᠪᠦᠬᠦᠨ ᠢ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠳᠤᠲᠠᠢ᠃ ᠬᠤᠲᠠ ᠪᠠᠯᠭᠠᠰᠤᠨ ᠤ 8685 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠶᠢᠰᠬᠡᠬᠦ ᠶᠢ ᠪᠡᠶᠡᠯᠡᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ 45.3 ᠲᠦᠮᠡᠨ ᠬᠥᠮᠥᠨ ᠳᠤ ᠪᠠᠲᠤᠯᠠᠭ᠎ᠠ ᠬᠠᠩᠭᠠᠵᠤ᠂ 17.4 ᠲᠦᠮᠡᠨ ᠥᠨᠥᠴᠢᠨ ᠨᠠᠰᠤᠲᠠᠢ ᠵᠡᠮᠳᠡᠭ ᠨᠢᠯᠬ᠎ᠠ ᠵᠡᠷᠭᠡ ᠬᠦᠴᠢᠷᠳᠡᠯᠲᠡᠢ ᠬᠥᠮᠥᠰ ᠲᠤ 1.8 ᠳ᠋ᠦᠩᠰᠢᠭᠤᠷ ᠲᠥᠭᠦᠷᠢᠭ ᠤᠨ ᠠᠰᠠᠷᠠᠮᠵᠢ ᠶᠢᠨ ᠨᠥᠬᠦᠪᠦᠷᠢ ᠣᠯᠭᠤᠪᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ 100% ᠳᠤ ᠬᠦᠷᠪᠡ᠃ 1.4 ᠲᠦᠮᠡᠨ ᠡᠷᠦᠬᠡ ᠳᠤ ᠨᠠᠰᠤᠵᠢᠯᠲᠠ ᠳᠤ ᠲᠣᠬᠢᠷᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠢ 240 ᠰᠢᠨ᠎ᠡ ᠪᠠᠷ ᠪᠠᠶᠢᠭᠤᠯᠵᠦ᠂ 40 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠰᠠᠶᠢᠵᠢᠷᠠᠭᠤᠯᠵᠤ᠂ ᠮᠢᠩᠭᠠᠨ ᠬᠥᠮᠥᠨ ᠪᠦᠷᠢ ᠳᠤ ᠨᠤᠭᠳᠠᠬᠤ ᠠᠰᠠᠷᠠᠵᠤ ᠬᠠᠷᠠᠭᠠᠯᠵᠠᠬᠤ ᠦᠢᠯᠡᠴᠢᠯᠡᠭᠡᠨ ᠤ ᠤᠷᠤᠨ ᠲᠤᠭ᠎ᠠ ᠶᠢ 3.56 ᠪᠣᠯᠭᠠᠪᠠ᠃ ᠣᠷᠣᠰᠢᠭᠤᠯᠭ᠎ᠠ ᠶᠢᠨ ᠭᠠᠵᠠᠷ ᠢ ᠰᠢᠨ᠎ᠡ ᠪᠠᠷ 5 ᠪᠠᠶᠢᠭᠤᠯᠵᠤ᠂ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠪᠡᠯᠡᠳᠬᠡᠮᠵᠢ ᠶᠢ ᠰᠢᠶᠠᠨ ᠤ ᠬᠤᠲᠠ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠠᠴᠠ 465 ᠬᠤᠪᠢ ᠬᠡᠷᠡᠭ ᠢ ᠲᠤᠰᠢᠶᠠᠨ ᠰᠢᠢᠳᠪᠦᠷᠢᠯᠡᠭᠦᠯᠵᠦ᠂ ᠰᠢᠢᠳᠪᠦᠷᠢᠯᠡᠭᠰᠡᠨ ᠨᠣᠷᠮ᠎ᠠ 99.6% ᠳᠤ ᠬᠥᠷᠪᠡ᠃ ᠪᠦᠬᠦ ᠣᠷᠣᠨ ᠤ ᠠᠩᠬᠠᠳᠠᠭᠴᠢ ︽ᠬᠥᠯᠥᠰᠦᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠲᠥᠪ︾ ᠫᠠᠶᠢᠰᠠ ᠡᠯᠭᠦᠨ ᠪᠠᠶᠢᠭᠤᠯᠤᠭᠳᠠᠪᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠭᠲᠠᠭᠠᠮᠵᠢ ᠶᠢ ᠦᠷᠭᠡᠳᠭᠡᠵᠦ ᠶᠠᠰᠤ ᠴᠢᠨᠠᠷ ᠢ ᠳᠡᠭᠡᠭᠰᠢᠯᠡᠭᠦᠯᠪᠡ᠃ 8 ᠬᠡᠦᠬᠡᠳ ᠤᠨ ᠴᠡᠴᠡᠷᠯᠢᠭ᠂ 1 ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠦᠷᠬᠦᠯᠵᠢᠯᠡᠨ ᠪᠠᠶᠢᠭᠤᠯᠵᠤ᠂ 2070 ᠰᠤᠷᠤᠯᠴᠠᠬᠤ ᠪᠠᠶᠢᠷᠢ ᠰᠢᠨ᠎ᠡ ᠪᠠᠷ ᠨᠡᠮᠡᠭᠳᠡᠭᠦᠯᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠭᠤᠷᠪᠠᠨ ᠨᠣᠷᠮ᠎ᠠ︾ ᠶᠢ ᠴᠥᠮ ᠤᠯᠤᠰ ᠤᠨ ᠪᠠᠷᠢᠮᠵᠢᠶ᠎ᠠ ᠠᠴᠠ ᠥᠨᠳᠥᠷ ᠪᠠᠶᠢᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠭᠡᠷᠡᠬᠦᠯᠬᠦ︾ ᠠᠵᠢᠯ ᠢ ᠦᠷᠭᠦᠯᠵᠢᠯᠡᠨ ᠪᠠᠬᠢᠵᠢᠬᠦᠯᠵᠦ᠂ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠰᠢᠨ᠎ᠡ ᠰᠢᠪᠲᠤᠯᠤᠯᠲᠠ ᠭᠠᠷᠭᠠᠪᠠ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠭᠡᠨ ᠪᠠᠶᠢᠭᠤᠯᠵᠤ᠂ 2 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠠᠵᠢᠯ ᠡᠬᠢᠯᠡᠭᠦᠯᠵᠦ᠂ ᠶᠢᠦ ᠵᠢᠶᠠ ᠡᠩ ᠤᠨ ᠠᠵᠢᠯ ᠮᠡᠷᠭᠡᠵᠢᠯ ᠤᠨ ᠨᠢᠭᠡ ᠴᠣᠭᠴᠠᠵᠢᠭᠤᠯᠤᠭᠰᠠᠨ ᠰᠤᠷᠭᠠᠭᠤᠯᠢ ᠪᠠᠶᠢᠭᠤᠯᠬᠤ ᠶᠠᠪᠤᠳᠠᠯ ᠵᠦᠪᠰᠢᠶᠡᠷᠡᠭᠳᠡᠪᠡ᠃ 4 ᠨᠢᠭᠳᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠫᠠᠶᠢᠰᠠ ᠡᠯᠭᠦᠨ ᠠᠵᠢᠯᠯᠠᠵᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠲᠠ ᠶᠢᠨ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢ ᠵᠢᠩᠬᠢᠨᠢ ᠪᠠᠷ ᠠᠵᠢᠯᠯᠠᠭᠤᠯᠵᠤ᠂ ᠪᠥᠬᠦ ᠬᠤᠲᠠ ᠳᠤ 882 ᠡᠪᠡᠳᠴᠢᠳᠡᠨ ᠤ ᠣᠷᠣ ᠶᠢ ᠨᠡᠮᠡᠵᠦ ᠲᠤᠬᠢᠷᠠᠭᠤᠯᠪᠠ᠃ 16 ᠨᠣᠮ ᠤᠨ ᠰᠠᠩ᠂ ᠰᠣᠶᠣᠯ ᠤᠨ ᠣᠷᠳᠣᠨ ᠤ ᠪᠦᠲᠦᠭᠡᠨ ᠪᠠᠶᠢᠭᠤᠯᠤᠯᠲᠠ ᠪᠠᠷᠢᠮᠵᠢᠶ᠎ᠠ ᠳᠤ ᠬᠦᠷᠴᠦ᠂ 20 ᠭᠠᠷᠤᠢ ᠤᠳᠬ᠎ᠠ ᠤᠷᠠᠯᠢᠭ ᠤᠨ ᠰᠣᠳᠣᠨ ᠪᠦᠲᠦᠭᠡᠯ ᠥᠪᠡᠷᠲᠡᠭᠡᠨ ᠵᠠᠰᠠᠬᠤ ᠣᠷᠣᠨ ᠤ ᠱᠠᠩᠨᠠᠯ ᠬᠦᠷᠲᠡᠪᠡ᠃ ᠬᠤᠲᠠ ᠶᠢᠨ ᠬᠠᠮ ᠵᠠᠭᠤᠴᠢᠯᠠᠭᠤᠷ ᠤᠨ ᠲᠥᠪ ᠪᠦᠬᠦ ᠤᠯᠤᠰ ᠤᠨ ᠣᠷᠣᠨ ᠬᠤᠲᠠ ᠶᠢᠨ ᠳᠡᠰ ᠤᠨ ᠵᠠᠭᠤᠴᠢᠯᠠᠭᠤᠷ ᠤᠨ ᠠᠭᠤᠰᠤᠯᠴᠠᠯ ᠤᠨ ᠲᠤᠷᠰᠢᠯᠳᠠ ᠶᠢᠨ ᠴᠡᠭ ᠪᠣᠯᠪᠠ᠃ ᠪᠦᠬᠦ ᠤᠯᠤᠰ ᠤᠨ ᠬᠡᠭᠡᠷᠡᠯᠡᠨ ᠴᠠᠰᠤᠨ ᠳᠤ ᠭᠤᠯᠭᠤᠬᠤ᠂ ᠡᠪᠦᠯ ᠤᠨ ᠤᠯᠠᠷᠢᠯ ᠤᠨ ᠬᠤᠶᠠᠷ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠪᠦᠬᠦ ᠤᠯᠤᠰ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠡᠭᠡᠷᠡᠯᠡᠨ ᠴᠠᠰᠤᠨ ᠳᠤ ᠭᠤᠯᠭᠤᠬᠤ᠂ ᠡᠪᠦᠯ ᠤᠨ ᠤᠯᠠᠷᠢᠯ ᠤᠨ ᠬᠤᠶᠠᠷ ᠵᠦᠢᠯ ᠤᠨ ᠬᠢᠷᠢ ᠬᠡᠮ ᠤᠨ ᠤᠷᠤᠯᠳᠤᠭᠠᠨ ᠯᠢᠶᠡᠩᠴᠧᠩ ᠰᠢᠶᠠᠨ ᠤ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠤᠷ ᠲᠤ ᠡᠬᠢᠯᠡᠵᠦ᠂ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠶᠠᠪᠤᠭᠳᠠᠪᠠ᠃ ᠤᠯᠠᠭᠠᠨᠴᠠᠪ ᠤᠨ ᠲᠠᠮᠢᠷᠴᠢᠳ ᠳᠡᠯᠡᠬᠡᠢ ᠶᠢᠨ ᠵᠠᠯᠠᠭᠤᠴᠤᠳ ᠤᠨ ᠤᠷᠤᠯᠳᠤᠭᠠᠨ᠂ ᠪᠦᠬᠦ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ︾ ᠵᠡᠷᠭᠡ ᠤᠷᠤᠯᠳᠤᠭᠠᠨ ᠳᠤ ᠵᠠᠯᠭᠠᠭ᠎ᠠ ᠪᠠᠷ ᠰᠢᠯᠢᠳᠡᠭ ᠪᠦᠲᠦᠮᠵᠢ ᠣᠯᠪᠠ᠃ ᠲᠦᠭᠰᠢᠬᠦᠷᠢ ᠶᠢ ᠰᠡᠷᠭᠡᠶᠢᠯᠡᠭᠰᠡᠨ ᠨᠢ ᠴᠢᠨᠠᠷᠯᠢᠭ ᠪᠦᠭᠡᠳ ᠪᠦᠲᠦᠮᠵᠢᠳᠡᠢ ᠪᠣᠯᠪᠠ᠃ ᠤᠯᠤᠰ ᠤᠨ ᠥᠷᠢ ᠥᠭᠴᠡᠭᠡ ᠶᠢ ᠠᠷᠢᠯᠭᠠᠬᠤ ᠲᠦᠭᠰᠢᠭᠦᠷᠢ ᠶᠢᠨ ᠲᠤᠷᠰᠢᠯᠲᠠ ᠶᠢᠨ ᠴᠡᠭ ᠤᠨ ᠳᠠᠷᠤᠯᠲᠠ ᠶᠢ ᠬᠥᠩᠭᠡᠷᠡᠭᠦᠯᠬᠦ ᠵᠢᠱᠢᠯᠲᠡ ᠳᠤ ᠬᠦᠷᠴᠦ᠂ ᠹᠧᠩᠵᠧᠨ ᠬᠤᠲᠠ᠂ ᠵᠦᠸᠧᠽᠢ ᠰᠢᠶᠠᠨ ᠤᠯᠠᠪᠤᠷ ᠥᠩᠭᠡ ᠶᠢᠨ ᠲᠠᠰ ᠠᠴᠠ ᠤᠬᠤᠷᠢᠨ ᠭᠠᠷᠪᠠ᠃ ᠪᠠᠩᠬᠢ ᠶᠢᠨ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ︽ᠲᠤᠭ᠎ᠠ ᠬᠡᠮᠵᠢᠶ᠎ᠡ ᠪᠠ ᠨᠤᠷᠮ᠎ᠠ ᠶᠢ ᠵᠡᠷᠭᠡᠪᠡᠷ ᠪᠠᠭᠤᠷᠠᠭᠤᠯᠵᠤ︾᠂ ᠰᠢᠩ ᠾᠧ ᠬᠤᠯᠪᠤᠭᠠᠳᠤ ᠬᠤᠷᠰᠢᠶ᠎ᠡ ᠲᠦᠭᠰᠢᠬᠦᠷᠢ ᠶᠡᠭᠡᠳᠡᠢ ᠪᠠᠶᠢᠭᠤᠯᠤᠮᠵᠢ ᠶᠢᠨ ᠡᠩᠨᠡᠭᠡ ᠠᠴᠠ ᠤᠬᠤᠷᠢᠨ ᠭᠠᠷᠪᠠ᠃ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠠᠰᠠᠭᠤᠳᠠᠯ ᠤᠨ ᠭᠡᠮ ᠰᠣᠭᠤᠭ ᠢ 2.4 ᠲᠦᠮᠡᠨ ᠬᠤᠪᠢ ᠠᠷᠢᠯᠭᠠᠵᠤ᠂ ᠠᠳᠡᠯ ᠭᠠᠷᠤᠭᠰᠠᠨ ᠲᠤᠭ᠎ᠠ ᠵᠢᠴᠢ ᠠᠳᠡᠭᠰᠡᠨ ᠬᠥᠮᠥᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃  ᠪᠦᠬᠦ ᠤᠷᠤᠨ ᠳᠤ ᠾᠧᠩ ᠳ᠋ᠠ ᠲᠦᠷᠦᠯ ᠵᠦᠢᠯ ᠤᠨ ᠲᠤᠰᠢᠶᠠᠬᠤ ᠶᠢ ᠪᠠᠲᠤᠯᠠᠬᠤ ᠠᠰᠠᠷ ᠤᠨ ᠡᠬᠦᠷᠭᠡ ᠶᠢ ᠬᠠᠮᠤᠭ ᠲᠡᠷᠢᠬᠦᠨ ᠳᠤ ᠪᠡᠶᠡᠯᠡᠬᠦᠯᠪᠡ᠃ ᠠᠮᠤᠷ ᠲᠦᠪᠰᠢᠨ ᠢ ᠬᠠᠮᠠᠭᠠᠯᠠᠬᠤ ᠡᠯ᠎ᠡ ᠵᠦᠢᠯ ᠤᠨ ᠴᠢᠬᠤᠯᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠤᠷ᠎ᠠ ᠴᠠᠭᠠᠵᠠᠯᠠᠬᠤ ᠠᠵᠢᠯ ᠪᠥᠬᠦ ᠣᠷᠣᠨ ᠤ ᠲᠡᠷᠢᠭᠦᠨ ᠳᠤ ᠤᠷᠤᠪᠠ᠃ ᠠᠮᠤᠷ ᠲᠦᠪᠰᠢᠨ ᠲᠤᠭᠳᠠᠭᠤᠨ ᠤ ᠬᠠᠯᠬᠠᠪᠴᠢ ᠡᠳᠦᠷ ᠢᠷᠡᠬᠦᠶ᠎ᠡ ᠪᠠᠬᠢ ᠪᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠥᠪᠡᠷᠲᠡᠭᠡᠨ ᠵᠠᠰᠠᠬᠤ ᠣᠷᠣᠨ ᠤ ᠬᠤᠶᠠᠷ ᠲᠣᠮᠣ ᠶᠠᠪᠤᠳᠠᠯ ᠢ ᠰᠠᠶᠢᠲᠤᠷ ᠰᠢᠢᠳᠪᠦᠷᠢᠯᠡᠬᠦ 6 ᠠᠬᠢᠭᠤᠯᠬᠤ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂ ᠳᠥᠷᠪᠡᠳ ᠬᠤᠰᠢᠭᠤ ᠲᠦᠷᠦᠭᠦᠦ ᠪᠦᠯᠦᠭ ᠪᠥᠬᠦ ᠤᠯᠤᠰ ᠤᠨ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠵᠦ᠂ ᠬᠤᠲᠠ ᠶᠢᠨ ᠲᠣᠰ ᠱᠠᠲᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠦᠬᠦ ᠤᠯᠤᠰ ᠤᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠬᠤᠲᠠ ᠶᠢᠨ ᠭᠠᠯ ᠰᠡᠷᠭᠡᠶᠢᠯᠡᠬᠦ ᠰᠠᠯᠪᠤᠷᠢ ᠠᠩᠭᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠤᠲᠠ ᠶᠢᠨ ᠴᠡᠷᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠰᠠᠭᠤᠷᠢᠨ ᠪᠦᠬᠦ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠬᠢᠯᠭᠠᠨ ᠬᠤᠯᠪᠣᠭᠠᠨ ᠤ ᠮᠡᠬᠡᠯᠡᠯ ᠳᠤ ᠴᠣᠬᠢᠯᠲᠠ ᠦᠭᠭᠦᠭᠰᠡᠨ ᠲᠣᠰᠬᠠᠢ ᠬᠡᠷᠡᠭ ᠤᠨ ᠳᠤᠭᠤᠶᠢᠯᠠᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠵᠢᠯᠲᠠ ᠳᠤᠪᠤᠶᠢᠮ᠎ᠠ ᠵᠠᠯᠠᠭᠤᠴᠤᠳ ᠤᠨ ᠬᠠᠮᠲᠤ ᠪᠠᠷ ᠦᠨᠡᠯᠡᠭᠳᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠶᠢ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠬᠦᠯᠬᠦ ᠵᠡᠷᠭᠡ ᠠᠵᠢᠯ ᠰᠢᠨ᠎ᠡ ᠳᠡᠭᠲᠡᠷ ᠲᠤ ᠭᠠᠷᠴᠤ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠴᠠᠭ ᠠᠭᠤᠷ ᠭᠠᠵᠠᠷ ᠬᠥᠳᠡᠯᠦᠯᠲᠡ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠨᠠᠰᠤᠲᠠᠶᠢᠴᠤᠳ ᠤᠨ ᠵᠥᠪᠯᠡᠯ ᠵᠡᠷᠭᠡ ᠠᠵᠢᠯ ᠦᠢᠯᠡᠰ ᠰᠢᠨ᠎ᠡ ᠬᠥᠭᠵᠢᠯᠲᠡ ᠶᠢ ᠪᠡᠶᠡᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠡᠷᠴᠢ ᠵᠣᠷᠢᠭ ᠢᠶᠠᠨ ᠳᠡᠬᠦᠯᠳᠡᠷᠵᠢᠬᠦᠯᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶᠢᠯᠡᠨ ᠱᠠᠯᠠᠪᠳᠠᠭᠤᠯᠤᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ᠂ ᠡᠯ᠎ᠡ ᠲᠥᠷᠥᠯ ᠤᠨ ᠬᠢᠨᠠᠨ ᠪᠣᠳᠣᠯᠲᠠ ᠵᠡᠷᠭᠡ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠬᠠᠷᠢᠭᠤᠯᠲᠠ ᠥᠭᠴᠦ᠂ ᠮᠠᠰᠢ ᠤᠯᠠᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠠ᠃ ᠵᠠᠰᠠᠭ ᠤᠨ ᠣᠷᠳᠣᠨ ᠪᠠ ᠰᠢᠬᠦᠬᠦ ᠬᠤᠷᠢᠶ᠎ᠠ᠂ ᠵᠠᠰᠠᠭ ᠤᠨ ᠤᠷᠳᠤᠨ ᠪᠠ ᠪᠠᠶᠢᠴᠠᠭᠠᠬᠤ ᠬᠤᠷᠢᠶ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠢᠯᠵᠠᠷᠠᠬᠤ ᠠᠴᠠ ᠵᠢᠷᠦᠭᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ︽ᠳᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠭᠦᠨᠵᠡᠭᠡᠶᠢᠷᠡᠨ ᠬᠥᠭᠵᠢᠪᠡ᠃ ᠲᠥᠯᠥᠭᠡᠯᠡᠭᠴᠢᠳ ᠠ᠋᠂ ᠰᠢᠷᠭᠠᠭᠤ ᠴᠢᠷᠮᠠᠶᠢᠯᠭ᠎ᠠ ᠠᠴᠠ ᠰᠢᠯᠢᠳᠡᠭ ᠠᠮᠵᠢᠯᠳᠠ ᠳᠤᠳᠤᠷᠠᠨ᠎ᠠ᠃ ᠬᠥᠮᠥᠰ ᠢ ᠵᠣᠷᠢᠭᠵᠢᠭᠤᠯᠤᠮ᠎ᠠ ᠠᠮᠵᠢᠯᠲᠠ ᠪᠦᠲᠦᠮᠵᠢ ᠶᠢᠨ ᠠᠷᠤ ᠳᠤ ᠡᠷᠡᠰ ᠬᠠᠳᠠᠭᠤ ᠢᠲᠡᠭᠡᠯ ᠵᠣᠷᠢᠭ᠂ ᠬᠤᠪᠢ ᠳᠠᠬᠢᠨ ᠴᠢᠷᠮᠠᠶᠢᠯᠭ᠎ᠠ ᠪᠤᠢ᠃ ᠤᠯᠠᠭᠠᠨᠴᠠᠪ ᠠᠵᠢᠯ ᠢᠶᠠᠨ ᠰᠠᠶᠢᠲᠤᠷ ᠬᠢᠵᠦ᠂ ᠬᠥᠭᠵᠢᠯᠲᠡ ᠶᠢ ᠠᠬᠢᠭᠤᠯᠬᠤ ᠶᠢᠨ ᠬᠠᠮᠤᠭ ᠤᠨ ᠴᠢᠬᠤᠯᠠ ᠪᠠᠲᠤᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠦᠪ ᠤᠨᠤᠪᠴᠢᠳᠠᠢ ᠵᠢᠯᠤᠭᠤᠳᠤᠯᠭ᠎ᠠ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠤᠯᠤᠨ᠎ᠠ᠂ ᠬᠠᠮᠤᠭ ᠤᠨ ᠦᠨᠳᠦᠰᠦᠨ ᠵᠢᠷᠤᠮᠯᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠᠶᠢᠵᠤ᠂ ᠬᠠᠮᠤᠭ ᠤᠨ ᠴᠢᠬᠤᠯᠠ ᠡᠭᠦᠷᠭᠡ ᠪᠣᠯ ᠬᠤᠶᠠᠷ ᠲᠤᠮᠤ ᠶᠠᠪᠤᠳᠠᠯ ᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠥᠩᠭᠡᠷᠡᠭᠰᠡᠨ ᠨᠢᠭᠡ ᠵᠢᠯ ᠳᠤ ᠣᠯᠣᠭᠰᠠᠨ ᠰᠢᠪᠲᠤᠯᠤᠯᠲᠠ ᠨᠢᠭᠡᠪᠦᠷᠢ᠂ ᠪᠡᠶᠡᠯᠡᠭᠦᠯᠦᠭᠰᠡᠨ ᠳᠠᠪᠠᠯᠲᠠ ᠨᠢᠭᠡᠪᠦᠷᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠬᠢᠨ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠨ ᠲᠡᠮᠡᠴᠡᠭᠰᠡᠨ ᠤ ᠠᠴᠢ ᠲᠤᠰᠠ ᠠᠴᠠ ᠪᠤᠯᠤᠭᠰᠠᠨ ᠶᠤᠮ᠃ ᠡᠬᠦᠨ ᠳᠤ ᠬᠦᠮᠦᠨ ᠪᠤᠯᠭᠠᠨ ᠬᠦᠴᠦᠨ ᠭᠠᠷᠭᠠᠭᠰᠠᠨ ᠠᠴᠠ ᠬᠦᠮᠦᠨ ᠨᠢᠭᠡᠪᠦᠷᠢ ᠮᠤᠨᠳᠠᠭ ᠬᠡᠳᠡᠭ ᠢ ᠪᠢᠳᠡ ᠪᠠᠰᠠ ᠭᠦᠨᠵᠡᠭᠡᠢ ᠮᠡᠳᠡᠷᠡᠪᠡ︕ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠠᠷᠠᠳ ᠤᠨ ᠪᠦᠯᠬᠦᠮ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠲᠠ ᠳᠤ ᠰᠠᠭᠤᠭ᠎ᠠ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠤᠯᠠᠭᠠᠨᠴᠠᠪ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠡᠭᠡᠵᠢᠩ ᠬᠤᠲᠠ᠂ ᠲᠥᠪ ᠤᠨ ᠡᠯ᠎ᠡ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠪᠢᠳᠠ ᠪᠠᠰᠠ ᠠᠵᠢᠯ ᠤᠨ ᠳᠤᠮᠳᠠᠬᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠠᠵᠤ ᠦᠢᠯᠡᠰ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠤᠯᠭᠠᠨ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ︽ᠭᠠᠷ ᠳᠠᠮᠵᠢᠪᠠᠴᠤ ᠠᠰᠢᠭ ᠬᠦᠷᠳᠡᠬᠦ ᠦᠭᠡᠢ︾ ᠠᠰᠠᠭᠤᠳᠠᠯ ᠢ ᠰᠢᠢᠳᠪᠦᠷᠢᠯᠡᠬᠦ ᠦᠷ᠎ᠡ ᠪᠦᠲᠦᠮᠵᠢ ᠢᠯᠡᠳᠲᠡ ᠪᠢᠰᠢ᠂ ᠡᠳ᠋ᠯᠡᠬᠦ ᠶᠤᠰᠤᠳᠠᠢ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠨᠠᠶᠢᠳᠠᠪᠤᠷᠢᠵᠢᠭᠤᠯᠤᠯᠳᠠ ᠬᠦᠢᠴᠡᠳ ᠦᠭᠡᠢ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠪᠠᠰᠠ ᠮᠠᠰᠢ ᠤᠯᠠᠨ ᠠᠵᠢᠯ ᠢ ᠬᠢᠬᠦ ᠴᠢᠬᠤᠯᠠᠲᠠᠢ ᠪᠠᠶᠢᠨ᠎ᠠ᠃ ᠡᠭᠦᠨ ᠳᠤ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠵᠠᠰᠠᠭ ᠤᠨ ᠣᠷᠳᠣᠨ ᠤ ᠠᠵᠢᠯ ᠢ ᠨᠡᠩ ᠰᠠᠶᠢᠲᠤᠷ ᠬᠢᠵᠦ᠂ ᠤᠯᠠᠨ ᠲᠦᠮᠡᠨ ᠲᠠᠢ ᠨᠡᠩ ᠣᠶᠢᠷᠠᠲᠤᠭᠤᠯᠬᠤ ᠪᠠᠷ ᠴᠢᠷᠮᠠᠶᠢᠨ᠎ᠠ᠃ ᠬᠤᠶᠠᠷ᠂ 2024 ᠣᠨ ᠤ ᠶᠡᠷᠦᠩᠬᠡᠢ ᠱᠠᠭᠠᠷᠳᠠᠯᠭ᠎ᠠ ᠪᠠ ᠵᠢᠱᠢᠭᠰᠡᠨ ᠬᠠᠷᠠᠯᠲᠠ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠮᠥᠨ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ᠂ ᠤᠷᠤᠭᠰᠢᠯᠠᠭᠤᠯᠬᠤ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠤᠯᠠᠭᠠᠨᠴᠠᠪ ᠨᠠᠩ ᠶᠡᠭᠡ ᠬᠦᠴᠦᠨ ᠢᠶᠠᠨ ᠨᠡᠮᠡᠷᠢᠯᠡᠨ᠎ᠡ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠦᠷᠢ ᠶᠢᠨ ᠡᠨᠧᠷᠭᠢ ᠶᠢᠨ ᠬᠤᠷᠣᠭᠳᠠᠯ ᠨᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢ ᠲᠣᠭᠲᠠᠭᠠᠬᠤ ᠳᠤ ᠪᠠᠨ ᠬᠡᠷᠡᠭᠴᠡᠭᠡ ᠪᠠ ᠪᠣᠯᠣᠮᠵᠢ ᠶᠢ ᠬᠠᠮᠲᠤ ᠳᠤ ᠨᠢ ᠬᠠᠷᠠᠭᠠᠯᠵᠠᠭᠰᠠᠨ ᠢᠶᠠᠷ ᠪᠠᠷᠠᠬᠤ ᠦᠭᠡᠢ ᠪᠠᠰᠠ ᠢᠳᠡᠪᠬᠢᠲᠡᠢ ᠪᠥᠭᠡᠳ ᠯᠠᠪᠳᠠᠭᠤᠨ᠂ ᠲᠤᠯᠭᠠᠭᠤᠷᠢᠯᠠᠯ ᠲᠠᠢ᠂ ᠰᠠᠭᠤᠷᠢ ᠲᠠᠢ᠂ ᠢᠲᠡᠭᠡᠯ ᠲᠠᠢ ᠪᠠᠶᠢᠬᠤ ᠶᠢ ᠢᠯᠡᠷᠡᠭᠦᠯᠵᠡᠢ᠃ ᠲᠤᠯᠭᠠᠭᠤᠷᠢᠯᠠᠯ ᠨᠢ ᠬᠡᠪᠡᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠤᠯᠠᠨ ᠵᠦᠢᠯ ᠤᠨ ᠠᠰᠢᠭᠲᠠᠢ ᠲᠠᠯ᠎ᠠ ᠶᠢ ᠢᠯᠡᠷᠡᠬᠦᠯᠦᠭᠰᠡᠨ ᠪᠠᠶᠢᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠳᠤ ᠴᠢᠬᠤᠯᠠ ᠶᠡᠭᠡ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠳᠤᠷᠠᠳᠴᠤ᠂ ᠤᠯᠠᠭᠠᠨᠴᠠᠪ ᠤᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠬᠤ᠂ ᠨᠡᠮᠡᠭᠳᠡᠯ ᠤᠨ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠬᠦ ᠳᠤ ᠨᠡᠩ ᠶᠡᠭᠡ ᠰᠢᠨ᠎ᠡ ᠠᠵᠠ ᠲᠣᠬᠢᠶᠠᠯ ᠣᠯᠭᠤᠨ᠎ᠠ᠃ ᠪᠢᠳᠡ ᠢᠯᠠᠯᠲᠠ ᠶᠢᠨ ᠡᠷᠴᠢ ᠶᠢ ᠠᠮᠵᠢᠨ ᠤᠷᠤᠭᠰᠢᠯᠠᠵᠤ᠂ ᠠᠰᠢᠭᠳᠠᠢ ᠪᠠᠶᠢᠳᠠᠯ ᠢ ᠮᠦᠷᠳᠡᠨ ᠠᠵᠢᠯᠯᠠᠵᠤ᠂ ᠬᠦᠴᠦᠯᠡᠨ ᠴᠢᠷᠮᠠᠶᠢᠳᠠᠭ ᠯᠠ ᠶᠤᠮ ᠪᠣᠯ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠤ ᠴᠢᠳᠠᠬᠤ ᠨᠢ ᠯᠠᠪᠳᠠᠢ ᠶᠤᠮ᠃ ᠰᠠᠭᠤᠷᠢ ᠨᠢ ᠭᠡᠪᠡᠯ᠂ ᠤᠯᠠᠭᠠᠨᠴᠠᠪ ᠶᠠᠭ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠳᠤᠬᠢᠶᠠᠯ ᠪᠠ ᠳᠤᠰ ᠪᠡᠶ᠎ᠡ ᠶᠢᠨ ᠬᠥᠭᠵᠢᠯᠲᠡ ᠶᠢᠨ ᠬᠠᠨᠳᠤᠰᠢ ᠴᠢᠩᠭᠠᠷᠠᠵᠤ ᠪᠠᠶᠢᠭ᠎ᠠ ᠰᠤᠯᠪᠢᠴᠠᠨ ᠳᠠᠪᠬᠤᠴᠠᠭᠰᠠᠨ ᠬᠤᠭᠤᠴᠠᠭᠠᠨ ᠳᠤ ᠣᠷᠣᠰᠢᠵᠤ᠂ ᠬᠦᠴᠦ ᠪᠠᠨ ᠬᠠᠮᠲᠤᠳᠬᠠᠨ ᠬᠤᠶᠠᠷ ᠲᠣᠮᠣ ᠶᠠᠪᠤᠳᠠᠯ ᠢ ᠰᠠᠶᠢᠳᠤᠷ ᠬᠢᠬᠦ ᠶᠠᠪᠤᠴᠠ  ᠳᠤ᠂ ᠪᠢᠳᠡᠨ ᠳᠤ ᠪᠠᠶᠢᠭ᠎ᠠ ᠬᠦᠬᠡᠮᠳᠦᠭ ᠨᠣᠭᠤᠭᠠᠨ ᠠᠭᠤᠯᠠ ᠤᠰᠤᠨ ᠤ ᠠᠮᠢ ᠠᠬᠤᠢ ᠶᠢᠨ ᠳᠠᠪᠠᠭᠤᠯᠢᠭ᠂ ᠤᠯᠠᠨ ᠠᠴᠠ ᠬᠡᠲᠦᠶᠢᠳᠦᠭᠰᠡᠨ ᠡᠬᠢ ᠪᠠᠶᠠᠯᠢᠭ ᠤᠨ ᠳᠠᠪᠠᠭᠤᠯᠢᠭ᠂ ᠳᠦᠷᠪᠡᠨ ᠲᠠᠯ᠎ᠠ ᠪᠠᠷ ᠢᠶᠠᠨ ᠬᠦᠷᠢᠶᠡᠯᠡᠭᠳᠡᠭᠰᠡᠨ ᠣᠷᠣᠨ ᠪᠠᠶᠢᠷᠢ ᠶᠢᠨ ᠳᠠᠪᠠᠭᠤᠯᠢᠭ᠂ ᠲᠤᠭᠠᠴᠢᠯᠠᠭᠰᠠᠨ ᠠᠵᠤ ᠠᠬᠤᠢ ᠶᠢᠨ ᠤᠷᠢᠳᠠᠴᠢ ᠳᠠᠪᠠᠭᠤᠯᠢᠭ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠠᠬᠢᠨ ᠴᠣᠭᠴᠠᠯᠠᠬᠤ ᠥᠷᠢᠰᠦᠯᠳᠦᠭᠡᠨ ᠤ ᠳᠠᠪᠠᠭᠤᠯᠢᠭ ᠢ ᠨᠡᠩ ᠰᠠᠶᠢᠳᠤᠷ ᠢᠯᠡᠷᠡᠭᠦᠯᠦᠨ᠂ ᠳᠠᠯᠳᠠ ᠬᠦᠴᠦᠨ ᠯᠤᠲᠤ ᠶᠡᠭᠡ ᠶᠤᠮ᠃ ᠢᠲᠡᠭᠡᠯ ᠨᠢ ᠭᠡᠪᠡᠯ᠂ ᠠᠵᠤ ᠠᠬᠤᠢ ᠶᠢᠨ ᠶᠡᠷᠦᠩᠭᠡᠢ ᠬᠡᠮᠵᠢᠶ᠎ᠡ ᠭᠤᠷᠪᠠᠨ ᠵᠢᠯ ᠳᠤ ᠵᠠᠯᠭᠠᠭ᠎ᠠ ᠪᠠᠷ 2 ᠵᠠᠭᠤᠨ ᠳ᠋ᠦᠩᠰᠢᠭᠤᠷ ᠤᠨ ᠶᠡᠭᠡ ᠪᠣᠭᠤᠮᠲᠠ ᠶᠢ ᠳᠠᠪᠠᠵᠤ᠂ ᠮᠢᠩᠭᠠᠨ ᠳ᠋ᠦᠩᠰᠢᠭᠤᠷ ᠤᠨ ᠶᠡᠨᠳᠡᠷ ᠲᠤ ᠲᠣᠮᠣ ᠠᠯᠬᠤᠮ ᠢᠶᠠᠷ ᠤᠷᠤᠭᠰᠢᠯᠠᠵᠤ᠂ ᠣᠯᠠᠨ ᠲᠦᠷᠦᠯ ᠤᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠡᠩᠨᠡᠭᠡᠨ ᠳᠤ ᠣᠷᠣᠵᠤ᠂ ᠬᠡᠰᠡᠭ ᠠᠵᠢᠯ ᠨᠢ ᠲᠠᠭᠠᠨ ᠭᠦᠶᠦᠵᠦ᠂ ᠵᠡᠷᠭᠡᠴᠡᠨ ᠬᠦᠶᠦᠵᠦ ᠪᠠᠶᠢᠭᠰᠠᠨ ᠠᠴᠠ ᠪᠠᠨ ᠠᠭᠠᠵᠢᠮ ᠢᠶᠠᠷ ᠳᠠᠭᠠᠭᠤᠯᠦᠨ ᠬᠦᠶᠦᠬᠦ ᠪᠣᠯᠵᠤ᠂ ᠺᠠᠳ᠋ᠷ ᠣᠯᠠᠨ ᠲᠦᠮᠡᠨ ᠤ ᠣᠶᠤᠨ ᠰᠠᠨᠠᠭᠠᠨ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠵᠤ ᠵᠣᠷᠢᠭᠲᠠᠢ ᠬᠦᠭᠵᠢᠵᠦ᠂ ᠢᠷᠡᠭᠡᠳᠦᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠠ᠃ 2024 ᠣᠨ ᠤ ᠠᠵᠢᠯ ᠢ ᠰᠠᠶᠢᠲᠤᠷ ᠬᠢᠬᠦ ᠳᠤ ᠲᠦᠷᠪᠡᠨ ᠵᠠᠩᠭᠢᠯᠠᠭ᠎ᠠ ᠶᠢ ᠭᠤᠣᠯᠳᠠᠯᠭ᠎ᠠ ᠲᠠᠢ ᠠᠳᠬᠤᠨ᠎ᠠ᠄ ᠨᠢᠭᠡ ᠳᠤ ︽ᠲᠣᠭᠲᠠᠭᠤᠨ︾ ᠤ ᠰᠠᠭᠤᠷᠢ ᠶᠢ ᠪᠠᠬᠢᠵᠢᠭᠦᠯᠦᠨ᠎ᠡ᠃ ᠠᠵᠢᠯ ᠤᠨ ᠠᠩᠬᠠᠷᠤᠯ ᠢᠶᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠠ ᠴᠢᠨᠠᠷ ᠰᠠᠶᠢᠲᠠᠢ ᠬᠥᠭᠵᠢᠯᠲᠡ ᠶᠢ ᠠᠳᠬᠤᠬᠤ ᠡᠨᠡ ᠬᠦ ᠲᠡᠷᠢᠭᠦᠨ ᠴᠢᠬᠤᠯᠠ ᠡᠭᠦᠷᠭᠡ ᠳᠡᠭᠡᠷ᠎ᠡ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ᠂ ᠲᠦᠷᠦᠯ ᠵᠦᠢᠯ᠂ ᠣᠷᠴᠢᠨ ᠲᠣᠭᠤᠷᠢᠨ᠂ ᠰᠢᠨ᠎ᠡ ᠶᠢ ᠡᠭᠦᠳᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠤᠤᠯ ᠠᠵᠤ ᠦᠢᠯᠡᠰ ᠢᠶᠠᠨ ᠲᠣᠭᠲᠠᠪᠤᠷᠢᠵᠢᠭᠤᠯᠵᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠰᠠᠨᠠᠭᠠᠴᠢᠯᠠᠭᠠᠲᠠᠢ᠂ ᠢᠳᠡᠪᠬᠢᠲᠡᠢ ᠲᠣᠭᠲᠠᠭᠤᠨ ᠢᠶᠠᠷ ᠳᠡᠰ ᠳᠡᠪᠰᠢᠬᠦ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ᠎ᠡ᠃ ᠬᠤᠶᠠᠷ ᠲᠤ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠳᠠᠶᠢᠴᠢᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠲᠡ ᠶᠢ ᠥᠷᠭᠡᠳᠬᠡᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠪᠤᠢ ᠪᠤᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠦᠨ᠎ᠡ ᠴᠡᠨ᠎ᠡ ᠶᠢ ᠨᠡᠩ ᠥᠨᠳᠥᠷ᠂ ᠬᠥᠳᠡᠯᠭᠡᠬᠦ ᠬᠦᠴᠦᠨ ᠢ ᠨᠡᠩ ᠴᠢᠩᠭ᠎ᠠ ᠪᠣᠯᠭᠠᠨ᠎ᠠ᠃ ᠭᠤᠷᠪᠠ ᠳᠤ᠂ ︽ᠪᠠᠶᠢᠭᠤᠯᠬᠤ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠷᠭ᠎ᠠ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠬᠥᠳᠡᠯᠵᠦ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠳᠤ ᠠᠰᠢᠭᠲᠠᠢ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠣᠷᠣᠨ ᠵᠠᠢ ᠶᠢ ᠥᠷᠭᠡᠳᠬᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠎ᠠ᠃ ᠳᠥᠷᠪᠡ ᠳᠤ᠂ ︽ᠡᠪᠳᠡᠬᠦ︾ ᠰᠥᠰᠥ ᠵᠣᠷᠢᠭ ᠢ ᠪᠤᠢ ᠪᠣᠯᠭᠠᠨ᠎ᠠ᠃ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠠᠴᠠ ᠮᠤᠯᠳᠤᠷᠠᠵᠤ᠂ ᠠᠵᠢᠯ ᠤᠨ ᠰᠤᠷᠲᠠᠯ ᠤᠨ ᠠᠷᠬᠠᠭ ᠭᠡᠮ ᠢ ᠵᠠᠯᠠᠷᠠᠭᠤᠯᠵᠤ᠂ ᠡᠯ᠎ᠡ ᠲᠦᠷᠦᠯ ᠤᠨ ᠬᠢᠵᠠᠭᠠᠷᠯᠠᠬᠤ ᠴᠢᠨᠠᠷᠲᠠᠢ ᠲᠦᠷᠦ ᠶᠢᠨ ᠪᠣᠳᠣᠯᠭ᠎ᠠ ᠶᠢ ᠡᠷᠡᠰ ᠳᠡᠪᠴᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠦᠵᠡᠯ ᠰᠠᠨᠠᠭᠠᠨ ᠤ ᠪᠡᠯᠡᠳᠬᠡᠯ᠂ ᠠᠵᠢᠯ ᠤᠨ ᠪᠡᠯᠡᠳᠬᠡᠯ ᠢ ᠭᠦᠢᠴᠡᠳ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ ᠭᠤᠷᠪᠠ᠂ 2024 ᠣᠨ ᠤ ᠭᠤᠣᠯᠳᠠᠯᠭ᠎ᠠ ᠲᠠᠢ ᠠᠵᠢᠯ ᠳᠣᠣᠷᠠᠬᠢ ᠳᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ︵ᠨᠢᠭᠡ︶ ᠲᠦᠷᠦ ᠶᠢᠨ ᠪᠣᠳᠣᠯᠭ᠎ᠠ ᠶᠢ ᠤᠷᠢᠳᠴᠢᠯᠠᠭᠤᠯᠬᠤ ᠶᠢ ᠪᠠᠷᠢᠮᠲᠠᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ ᠰᠢᠯᠢᠳᠡᠭ ᠢᠶᠠᠷ ᠤᠷᠤᠭᠰᠢᠯᠠᠬᠤ ᠶᠢ ᠠᠬᠢᠭᠤᠯᠤᠨ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠡ᠃ ᠠᠵᠠ ᠲᠣᠬᠢᠶᠠᠯ ᠢ ᠠᠮᠵᠢᠨ᠂ ᠰᠤᠳᠤᠯᠭᠠᠨ ᠢ ᠭᠦᠨᠵᠡᠭᠡᠶᠢᠷᠡᠭᠦᠯᠵᠦ᠂ ᠨᠠᠶᠢᠳᠠᠪᠤᠷᠢᠵᠢᠭᠤᠯᠤᠯᠳᠠ ᠶᠢ ᠨᠠᠷᠢᠯᠢᠭᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠮᠢᠳᠤᠯᠢᠭ ᠬᠡᠷᠡᠭᠯᠡᠨ᠂ ᠢᠯᠡᠭᠦᠬᠡᠨ ᠴᠢᠷᠮᠠᠶᠢᠵᠤ᠂ ᠲᠦᠷᠭᠡᠨ ᠪᠤᠳᠠᠳᠠᠶᠢᠵᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠪᠡᠶᠡᠯᠡᠭᠦᠯᠵᠦ᠂ ᠢᠵᠢ ᠪᠦᠷᠢᠳᠦᠭᠦᠯᠬᠦ ᠨᠠᠷᠢᠨ ᠲᠠᠩᠰᠠᠨ ᠳᠤ ᠣᠷᠣᠭᠤᠯᠤᠭᠰᠠᠨ ᠲᠥᠷᠥᠯ ᠵᠦᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠠᠢ ᠠᠬᠢᠯᠲᠠ ᠲᠠᠢ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ᠂ ᠪᠦᠲᠦᠴᠡ ᠶᠢᠨ ᠴᠢᠨᠠᠷᠲᠠᠢ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠰᠢᠨ᠎ᠡ ᠨᠢᠬᠡ ᠡᠬᠡᠯᠵᠢ ᠶᠢᠨ ᠲᠦᠷᠦ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ᠂ ᠲᠦᠬᠡᠮᠡᠯ ᠬᠠᠷᠠᠭᠠᠯᠵᠠᠯᠳᠤ ᠵᠢᠵᠢᠭ ᠪᠢᠴᠢᠯ ᠠᠵᠤ ᠠᠬᠤᠶᠢᠯᠠᠯ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ 100 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ 1.1 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠲᠣᠬᠢᠷᠠᠭᠤᠯᠵᠤ᠂ 40 ᠡᠷᠦᠬᠡ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠪᠡᠶᠡᠯᠡᠭᠦᠯᠤᠨ᠎ᠡ᠃ ᠯᠠᠨ ᠭᠡ ᠭᠡ ᠶᠢᠨ ᠪᠡᠭᠡᠵᠢᠩ ᠤᠨ ᠦᠨᠡᠳᠦ ᠳᠡᠮᠳᠡᠭᠳᠦ ᠠᠷᠠᠯᠵᠢᠶᠠᠯᠠᠬᠤ ᠭᠠᠵᠠᠷ ᠤᠨ ᠵᠠᠬ᠎ᠠ ᠳᠡᠯᠭᠡᠭᠦᠷ ᠲᠤ ᠭᠠᠷᠴᠦ᠂ ᠰᠠᠶᠢᠨᠣ᠋᠂ ᠰᠢᠨ ᠯᠢᠶᠠᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠬᠦ ᠶᠢ ᠳᠡᠮᠵᠢᠨ᠎ᠡ᠃ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠨᠡᠮᠡᠭᠳᠡᠬᠦᠯᠬᠦ ᠶᠢ ᠠᠬᠢᠭᠤᠯᠤᠨ᠎ᠡ᠃ 230 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠵᠢᠯ ᠳᠤ 467 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ 17% ᠠᠴᠠ ᠳᠡᠭᠡᠭᠰᠢ ᠨᠡᠮᠡᠭᠳᠡᠬᠦᠯᠦᠨ᠎ᠡ᠃ ᠪᠡᠯᠡ ᠮᠥᠩᠭᠦ᠂ ᠭᠠᠵᠠᠷ ᠰᠢᠷᠣᠢ᠂ ᠡᠨᠧᠷᠭᠢ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠪᠦᠬᠦᠨ ᠢ ᠭᠦᠢᠴᠡᠳᠬᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ ᠪᠠᠷ ᠴᠢᠷᠮᠠᠶᠢᠵᠤ᠂ ᠨᠠᠨ ᠳ᠋ᠠ ᠬᠡᠷᠡᠯ ᠴᠠᠬᠢᠯᠭᠠᠨ ᠤ ᠭᠤᠷᠪᠠᠨ ᠹᠯᠣᠷᠲᠤ ᠠᠽᠣᠲ᠂ ᠵᠦᠩ ᠪᠦᠦ ᠰᠢᠨ ᠺᠣᠮᠫᠠᠨᠢ ᠶᠢᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠤᠯᠤᠰ ᠤᠨ ᠨᠡᠮᠡᠵᠤ ᠳᠠᠷᠬᠠᠭᠠᠬᠤ 1 ᠲᠦᠮᠡᠨ ᠳ᠋ᠦᠩᠰᠢᠭᠤᠷ ᠳᠦᠬᠦᠷᠢᠭ ᠤᠨ ᠤᠯᠤᠰ ᠤᠨ ᠵᠢᠬᠡᠯᠡᠯᠬᠡ ᠶᠢᠨ ᠳᠡᠮᠳᠡᠭᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠵᠡᠷᠭᠡ ᠲᠥᠷᠥᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠰᠠᠶᠢᠲᠤᠷ ᠬᠢᠵᠦ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠨ᠎ᠡ ᠬᠡᠯᠪᠡᠷᠢ ᠶᠢᠨ ᠰᠠᠭᠤᠷᠢ ᠳᠦᠬᠦᠬᠡᠷᠦᠮᠵᠢ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠣᠷᠣᠯᠴᠠᠬᠤ ᠶᠢ ᠳᠡᠮᠵᠢᠨ᠎ᠡ᠃ ︽ᠨᠢᠭᠡᠳᠦᠭᠡᠷ ᠭᠠᠷ︾᠂ ᠤᠯᠠᠨ ᠬᠡᠯᠪᠡᠷᠢ ᠪᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠦᠨ ᠲᠣᠮᠣ ᠬᠤᠳᠠᠯᠳᠤᠭᠠᠴᠢᠨ᠂ ᠰᠠᠶᠢᠨ ᠬᠤᠳᠠᠯᠳᠤᠭᠠᠴᠢᠨ ᠤᠷᠢᠵᠤ᠂ ᠰᠢᠨ᠎ᠡ ᠪᠠᠷ ᠭᠡᠷ᠎ᠡ ᠲᠣᠭᠲᠠᠭᠰᠠᠨ ᠲᠦᠷᠦᠯ ᠵᠦᠢᠯ ᠢ 800 ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠣᠷᠣᠭᠤᠯᠵᠤ ᠢᠷᠡᠭᠰᠡᠨ ᠪᠡᠯᠡ ᠮᠥᠩᠭᠦ ᠶᠢ 415 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 15% ᠠᠴᠠ ᠳᠡᠭᠡᠭᠰᠢ ᠨᠡᠮᠡᠭᠳᠡᠭᠦᠯᠤᠨ᠎ᠡ᠃ ᠬᠡᠷᠡᠭᠯᠡᠭᠡᠨ ᠤ ᠬᠡᠷᠡᠭᠴᠡᠭᠡ ᠶᠢ ᠥᠷᠭᠡᠳᠬᠡᠨ᠎ᠡ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠳᠠᠶᠢᠴᠢᠯᠠᠵᠤ᠂ ᠨᠢᠭᠡ ᠪᠦᠯᠦᠭ ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠢ ᠬᠦᠭᠵᠢᠬᠦᠯᠦᠨ᠎ᠡ᠃ ᠲᠦᠷᠦᠬᠦᠦ ᠳᠡᠯᠬᠡᠬᠦᠷ ᠠᠩᠬ᠎ᠠ ᠳᠠᠷᠬᠠᠭᠠᠭᠰᠠᠨ ᠠᠵᠤ ᠠᠬᠤᠢ᠂ ᠬᠤᠷᠠᠯ ᠦᠵᠡᠰᠬᠦᠯᠡᠩ ᠤᠨ ᠠᠵᠤ ᠠᠬᠤᠢ ᠶᠢ ᠬᠥᠭᠵᠢᠭᠦᠯᠵᠦ᠂ ᠲᠣᠭᠠᠴᠢᠯᠠᠭᠰᠠᠨ᠂ ᠪᠣᠬᠢᠷᠲᠤᠯ ᠦᠭᠡᠢ᠂ ᠡᠷᠡᠬᠦᠯ ᠬᠡᠷᠡᠭᠯᠡᠭᠡ ᠶᠢ ᠪᠣᠶᠢᠵᠢᠭᠤᠯᠤᠨ᠂ ᠳᠠᠪᠠᠭᠤᠯᠢᠭ ᠠᠵᠤ ᠦᠢᠯᠡᠰ᠂ ᠣᠨᠴᠠᠯᠢᠭᠲᠤ ᠦᠢᠯᠡᠳᠬᠦᠨ ᠢ ᠡᠯᠧᠺᠲᠷᠤᠨᠴᠢᠯᠠᠬᠦ ᠥᠭᠡᠷᠡᠴᠢᠯᠡᠯᠲᠡ ᠶᠢ ᠠᠬᠢᠭᠤᠯᠤᠨ᠎ᠠ᠃ ᠬᠤᠲᠠ ᠶᠢᠨ ᠬᠤᠳᠠᠯᠳᠤᠭᠠᠨ ᠤ ᠳᠤᠭᠤᠷᠢᠭ᠂ ᠮᠦᠴᠡ ᠬᠤᠷᠣᠮ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠳᠤᠭᠤᠷᠢᠭ᠂ ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠤᠯᠠᠭᠠᠨᠴᠠᠪ ᠤᠨ ᠦᠳᠡᠰᠢ︾ ᠶᠢᠨ ᠥᠪᠡᠷᠲᠡᠭᠡᠨ ᠵᠠᠰᠠᠬᠤ ᠣᠷᠣᠨ ᠤ ᠰᠥᠨᠢ ᠶᠢᠨ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠬᠦᠷᠭᠡᠯᠳᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠨ ᠰᠢᠶᠠᠩ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠢᠷᠤᠮᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠳᠤ ᠬᠠᠯᠳᠠᠬᠰᠠᠨ ᠪᠠ ᠬᠤᠳᠠᠯ ᠬᠠᠭᠤᠷᠮᠠᠭ ᠴᠢᠨᠠᠷ ᠮᠠᠭᠤ ᠪᠦᠲᠦᠭᠡᠭᠳᠡᠬᠦᠨ ᠢ ᠦᠢᠯᠡᠳᠦᠨ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠳᠠ ᠪᠠᠨ ᠮᠠᠨᠳᠤᠭᠤᠯᠵᠤ᠂ ᠤᠯᠠᠨ ᠲᠤᠶᠢᠯ ᠢᠶᠠᠷ ᠲᠤᠯᠭᠠᠭᠤᠷᠢᠯᠠᠬᠤ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠬᠦᠯᠵᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠡᠪᠡᠰᠦᠨ ᠤ ᠦᠢᠯᠡᠰ᠂ ᠰᠦᠨ ᠤ ᠦᠢᠯᠡᠰ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠥᠷᠨᠢᠭᠦᠯᠬᠦ ᠶᠢ ᠳᠡᠮᠵᠢᠨ᠎ᠡ᠃ ᠲᠡᠮᠦᠷ ᠤᠨ ᠬᠠᠶᠢᠯᠤᠰᠢ ᠶᠢᠨ ᠬᠠᠮᠲᠤᠷᠠᠭᠰᠠᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠂ ᠤᠯᠤᠰ ᠤᠨ ᠲᠥᠮᠥᠰᠤᠨ ᠤ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠮᠥᠰᠥ ᠡᠳ᠋ᠰᠢᠭᠦᠯᠬᠦ ᠪᠦᠲᠦᠭᠡᠭᠳᠡᠬᠦᠨ ᠤ ᠰᠤᠳᠤᠯᠤᠨ ᠨᠡᠭᠡᠭᠡᠬᠦ ᠲᠥᠪ ᠢ ᠪᠠᠶᠢᠭᠤᠯᠵᠤ᠂ ᠱᠠᠩᠳᠤ ᠰᠢᠶᠠᠨ ᠤ ᠤᠯᠤᠰ ᠤᠨ ᠣᠷᠣᠨ ᠪᠦᠰᠡ ᠶᠢᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠢᠶᠠᠷ ᠭᠤᠶᠤᠴᠢᠯᠠᠬᠤ ᠶᠢ ᠠᠬᠢᠭᠤᠯᠤᠨ᠎ᠠ ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠶᠢ ᠴᠢᠩᠭᠠᠷᠠᠭᠤᠯᠤᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 50 ᠠᠴᠠ ᠳᠡᠭᠡᠭᠰᠢ ᠪᠣᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠪᠠ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 30 ᠠᠴᠠ ᠳᠡᠭᠡᠭᠰᠢ ᠮᠠᠭᠠᠳᠯᠠᠨ ᠲᠣᠭᠲᠠᠭᠠᠨ᠎ᠡ᠃ ᠤᠯᠠᠭᠠᠨᠴᠠᠪ ︵ᠪᠡᠭᠡᠵᠢᠩ ᠥᠪᠥᠷ ᠮᠣᠩᠭᠤᠯ︶ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠴᠢᠳᠠᠪᠬᠢ ᠶᠢᠨ ᠲᠠᠰ ᠢ ᠳᠡᠭᠡᠭᠰᠢᠯᠡᠭᠦᠯᠵᠦ᠂ ᠪᠠᠴᠢᠮ ᠳᠤᠲᠠᠭᠳᠠᠵᠤ ᠪᠠᠶᠢᠭ᠎ᠠ ᠨᠢᠭᠡ ᠪᠦᠯᠦᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠦᠨ᠎ᠡ᠃ ᠪᠣᠬᠢᠷᠲᠤᠯ ᠦᠭᠡᠢ ᠦᠢᠯᠡᠳᠬᠦ ᠪᠠ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ︽ᠲᠠᠪᠤᠵᠢᠯᠠᠬᠤ ᠥᠭᠡᠷᠡᠴᠢᠯᠡᠯᠲᠡ︾ ᠪᠠ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠵᠠᠭᠤᠨ ᠲᠦᠮᠡᠨ ᠲᠣᠨ ᠤ ᠲᠠᠰ ᠠᠴᠠ ᠳᠡᠭᠡᠭᠰᠢᠬᠢ ᠠᠵᠤ ᠠᠬᠤᠶᠢᠯᠠᠯ 2 ᠢ ᠪᠣᠶᠢᠵᠢᠭᠤᠯᠵᠤ᠂ ᠪᠢᠯᠢᠭ ᠲᠤᠶᠢᠯ ᠤᠨ ᠮᠠᠲ᠋ᠧᠷᠢᠶᠠᠯ ᠤᠨ ᠪᠥᠬᠦ ᠠᠵᠢᠯ ᠤᠨ ᠶᠠᠪᠤᠴᠠ ᠶᠢ ᠦᠢᠯᠡᠳᠪᠦᠷᠢᠯᠡᠯ ᠨᠢ ᠠᠵᠢᠯ ᠲᠥᠷᠥᠯ ᠳᠤ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ ᠨᠥᠬᠦᠪᠦᠷᠢᠯᠡᠬᠦ  ᠶᠢ ᠠᠬᠢᠭᠤᠯᠵᠤ᠂ ᠪᠢᠯᠢᠭ ᠲᠤᠶᠢᠯ ᠤᠨ ᠮᠠᠲ᠋ᠧᠷᠢᠶᠠᠯ ᠢᠶᠠᠷ ᠠᠷᠭ᠎ᠠ ᠲᠤᠶᠢᠯ ᠤᠨ ᠮᠠᠲ᠋ᠧᠷᠢᠶᠠᠯ — ᠲᠠᠰᠤᠯᠤᠪᠴᠢ ᠪᠦᠷᠬᠦᠪᠴᠢ — ᠴᠠᠬᠢᠯᠭᠠᠨ ᠭᠤᠣᠯ — ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶᠡᠰᠦ ᠶᠢ ᠨᠥᠬᠦᠪᠦᠷᠢᠯᠡᠵᠦ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠪᠠᠷ ᠴᠠᠬᠢᠯᠠᠭᠤᠷ ᠴᠢᠯᠠᠭᠤ — ᠾᠯᠣᠷ ᠡᠲ᠋ᠧᠨ — PVC᠂ ᠴᠠᠬᠢᠯᠠᠭᠤᠷ ᠴᠢᠯᠠᠭᠤ — ᠼᠤᠤ ᠬᠦᠴᠢᠯ ᠤᠨ ᠡᠲ᠋ᠧᠨ — PVA ᠶᠢᠨ 2 ᠠᠵᠤ ᠦᠢᠯᠡᠰ ᠤᠨ ᠬᠡᠯᠬᠢᠶᠡᠰᠦ ᠶᠢ ᠪᠣᠶ ᠪᠣᠯᠭᠠᠵᠤ᠂ ᠹᠯᠣᠷ ᠬᠢᠮᠢ ᠶᠢᠨ ᠠᠵᠤ ᠦᠢᠯᠡᠳᠪᠦᠷᠢ ᠪᠠᠷ ᠬᠠᠶᠢᠯᠤᠭᠤᠷ ᠵᠤᠩᠰᠢ — ᠤᠰᠤᠲᠥ᠋ᠷᠥᠭᠴᠢ ᠹᠯᠣᠷ ᠬᠦᠴᠢᠯ — ᠹᠯᠣᠷᠲᠤ ᠬᠥᠯᠳᠡᠭᠡᠬᠦ ᠡᠳ᠋᠂ ᠤᠰᠤᠲᠥ᠋ᠷᠥᠭᠴᠢ ᠹᠯᠣᠷ ᠬᠦᠴᠢᠯ — ᠹᠯᠣᠷᠲᠤ ᠪᠥᠭᠡᠭᠡᠨᠡᠪᠦᠷᠢ ᠪᠠ ᠤᠰᠤᠲᠥ᠋ᠷᠥᠭᠴᠢ ᠹᠯᠣᠷ ᠬᠦᠴᠢᠯ — ᠹᠯᠣᠷᠲᠤ ᠨᠠᠷᠢᠯᠢᠭ ᠬᠢᠮᠢ ᠶᠢᠨ ᠪᠣᠳᠠᠰ ᠵᠡᠷᠭᠡ 3 ᠠᠵᠤ ᠦᠢᠯᠡᠰ ᠤᠨ ᠬᠡᠯᠬᠢᠶᠡᠰᠦ ᠶᠢ ᠪᠣᠶ ᠪᠣᠯᠭᠠᠨ᠎ᠠ᠃ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠨ᠂ ᠨᠡᠮᠡᠭᠳᠡᠯᠳᠦ ᠴᠠᠬᠢᠯᠭᠠᠨ ᠲᠦᠭᠡᠭᠡᠬᠦ ᠲᠣᠣᠷ ᠪᠠ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠡᠨᠧᠷᠭᠢ ᠶᠢᠨ ᠠᠴᠢᠶᠠᠯᠠᠯᠳᠠ ᠶᠡᠬᠡᠳᠡᠢ ᠬᠠᠳᠠᠭᠠᠯᠠᠯᠲᠠ ᠶᠢᠨ ᠲᠥᠷᠥᠯ ᠵᠦᠢᠯ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠪᠤᠬᠢᠷᠳᠤᠯ ᠦᠬᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠤᠨ᠎ᠡ᠃ ᠤᠯᠤᠰ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠬᠡᠷᠡᠯ ᠴᠡᠨᠡᠭ ᠤᠨ ᠰᠠᠭᠤᠷᠢᠨ᠂ ᠮᠧᠩ ᠨᠧᠩ ᠺᠣᠮᠫᠠᠨᠢ ᠶᠢᠨ 250 ᠲᠦᠮᠡᠨ ᠺᠢᠯᠣᠸᠠᠲ ᠤᠨ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠭᠡᠵᠤ᠂ ᠬᠡᠷᠡᠯ ᠴᠡᠨᠡᠭ᠂ ᠰᠠᠯᠬᠢᠨ ᠬᠦᠴᠦᠨ ᠤ ᠮᠠᠰᠢᠨ ᠦᠢᠯᠡᠳᠬᠦ ᠵᠡᠷᠭᠡ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠡᠮᠬᠢ ᠵᠢᠷᠤᠮ ᠲᠠᠢ ᠬᠥᠭᠵᠢᠭᠦᠯᠵᠦ᠂ ᠵᠦᠩ ᠴᠧ ᠴᠠᠬᠢᠯᠭᠠᠨ ᠮᠠᠰᠢᠨ᠂ ᠶᠤᠸᠠᠨ ᠵᠢᠩ ᠨᠠᠪᠴᠢᠨ ᠢᠯᠳᠡᠰᠦ ᠵᠡᠷᠭᠡ ᠲᠥᠷᠥᠯ ᠵᠦᠢᠯ ᠢ ᠲᠥᠷᠭᠡᠪᠴᠢᠯᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠢ ᠳᠠᠬᠢᠨ ᠪᠠᠶᠢᠭᠤᠯᠬᠤ ᠪᠠᠷ ᠴᠢᠷᠮᠠᠶᠢᠨ᠎ᠠ᠃ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠷᠢᠭᠦᠨ ᠤ ᠪᠣᠬᠢᠷᠲᠤᠯ ᠦᠭᠡᠢ ᠡᠨᠧᠷᠭᠢ ᠶᠢᠨ ᠠᠴᠢᠶᠠᠯᠠᠯᠳᠠ ᠶᠡᠬᠡᠳᠡᠢ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ  ᠠᠴᠠ ᠪᠠᠨ ᠳᠠᠭᠠᠭᠠᠨ ᠠᠪᠤᠨ᠎ᠠ᠃ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠪᠦᠬᠦ ᠤᠯᠤᠰ ᠤᠨ ᠨᠢᠭᠡ ᠴᠣᠭᠴᠠᠵᠢᠭᠰᠠᠨ ᠪᠣᠳᠣᠯᠳᠡ ᠶᠢᠨ ᠴᠢᠳᠠᠪᠤᠷᠢ ᠶᠢᠨ ᠰᠦᠯᠵᠢᠶᠡᠨ ᠤ ᠤᠯᠤᠰ  ᠤᠨ ᠵᠠᠩᠭᠢᠯᠠᠭ᠎ᠠ ᠶᠢᠨ ᠴᠡᠭ᠂ ᠤᠯᠤᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠬᠦᠴᠦᠨ ᠤ ᠰᠢᠭᠤᠳ ᠬᠤᠯᠪᠣᠯᠳᠤᠬᠤ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠣᠶᠣᠨᠲᠦ ᠪᠣᠳᠣᠯᠳᠠ ᠭᠡᠳᠦ ᠪᠤᠳᠤᠯᠳᠠ ᠶᠢᠨ ᠲᠥᠪ ᠢ 6 ᠠᠴᠠ ᠳᠡᠭᠡᠭᠰᠢ ᠣᠷᠣᠭᠤᠯᠤᠨ ᠠᠪᠴᠢᠷᠠᠵᠤ᠂ ︽ᠪᠤᠬᠢᠷᠳᠤᠯ ᠦᠬᠡᠢ ᠴᠠᠬᠢᠯᠭᠠᠨ + ᠪᠣᠳᠣᠯᠳᠠ ᠶᠢᠨ ᠴᠢᠳᠠᠪᠤᠷᠢ︾ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ ᠪᠤᠳᠤᠯᠳᠠ ᠶᠢᠨ ᠴᠢᠳᠠᠪᠤᠷᠢ ᠶᠢᠨ ᠬᠠᠮᠲᠤᠷᠠᠯᠴᠠᠭ᠎ᠠ ᠶᠢ ᠰᠦᠪᠡᠭᠴᠢᠯᠡᠨ ᠥᠷᠨᠢᠭᠦᠯᠵᠦ᠂ ᠨᠡᠶᠢᠰᠯᠡᠯ ᠤᠨ ᠪᠣᠬᠢᠷᠲᠤᠯ ᠦᠭᠡᠢ ᠪᠣᠳᠣᠯᠳᠡ ᠶᠢᠨ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠢ ᠪᠠᠶᠢᠭᠤᠯᠤᠨ᠎ᠠ᠃ ᠳᠤᠭᠠᠴᠢᠯᠠᠭᠰᠠᠨ ᠣᠶᠣᠨᠲᠦ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠬᠡᠯᠬᠢᠶᠡᠨ ᠤ ᠭᠤᠣᠯ ᠠᠵᠤ ᠠᠬᠤᠶᠢᠯᠠᠯ ᠤᠨ ᠠᠵᠢᠯ ᠲᠥᠷᠥᠯ ᠢ ᠬᠠᠮᠤᠷᠤᠭᠰᠠᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ 5G ᠶᠢᠨ ᠪᠥᠬᠦ ᠬᠡᠯᠬᠢᠶᠡᠨ ᠤ ᠦᠢᠯᠡᠳᠪᠦᠷᠢ ᠶᠢ ᠪᠠᠶᠢᠭᠤᠯᠵᠤ᠂ ᠵᠠᠰᠠᠭ  ᠤᠨ ᠶᠠᠪᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ ᠡᠮᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠠᠬᠤᠢ ᠪᠠᠶᠢᠳᠠᠯ ᠤᠨ ᠬᠡᠷᠡᠭᠯᠡᠭᠡ ᠶᠢ ᠠᠬᠢᠭᠤᠯᠵᠤ᠂ ᠰᠦᠯᠵᠢᠶᠡᠨ ᠤ ᠲᠣᠭᠠᠴᠢᠯᠠᠯ ᠢᠶᠠᠷ ᠠᠵᠤ ᠠᠬᠤᠢ ᠳᠤ ᠬᠦᠴᠦᠨ ᠴᠢᠳᠠᠯ ᠣᠯᠭᠤᠵᠤ᠂ ᠬᠤᠲᠠ ᠪᠤᠯᠤᠨ ᠠᠮᠢᠳᠤᠷᠠᠯ ᠳᠤ ᠥᠩᠭᠡ ᠬᠡᠷᠡᠯ ᠨᠡᠮᠡᠷᠢᠯᠡᠨ᠎ᠡ᠃ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠱᠠᠲᠤᠯᠠᠨ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠱᠤᠭᠤᠮ ᠢ ᠳᠤᠬᠢᠷᠠᠭᠤᠯᠵᠤ᠂ ᠬᠤᠪᠢ ᠶᠢᠨ ᠳᠡᠷᠬᠡ ᠪᠠᠷ ᠵᠢᠭᠤᠯᠴᠢᠯᠠᠬᠤ᠂ ᠬᠢᠯᠢ ᠠᠯᠤᠰᠯᠠᠭᠰᠠᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ ᠢ ᠬᠦᠭᠵᠢᠬᠦᠯᠦᠨ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ︾ ᠭᠡᠬᠦ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠡ᠃ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠲᠥᠪ᠂ ᠵᠠᠰᠠᠮᠠᠯ ᠵᠠᠮ ᠤᠨ ᠤᠯᠠᠭ᠎ᠠ ᠦᠷᠳᠡᠭᠡ᠂ ᠭᠡᠷᠳᠤ ᠲᠡᠷᠭᠡ ᠶᠢᠨ ᠪᠠᠭᠤᠴᠠ ᠵᠡᠷᠭᠡ ᠶᠢᠨ ᠢᠵᠢ ᠪᠦᠷᠢᠳᠦᠭᠦᠯᠬᠦ ᠳᠦᠬᠦᠬᠡᠷᠦᠮᠵᠢ ᠶᠢ ᠲᠡᠭᠦᠯᠳᠡᠷᠵᠢᠭᠦᠯᠵᠦ᠂ 5 ᠠᠷᠠᠳ ᠤᠨ ᠪᠠᠭᠤᠴᠠ ᠶᠢᠨ ᠰᠦᠷᠦᠭᠵᠢᠯ ᠢ ᠰᠢᠨ᠎ᠡ ᠪᠠᠷ ᠪᠠᠶᠢᠭᠤᠯᠵᠤ᠂ 3C ᠳᠡᠰ ᠤᠨ ᠬᠤᠪᠢ ᠶᠢᠨ ᠮᠠᠰᠢᠨ ᠲᠡᠷᠭᠡ᠂ ᠬᠡᠭᠡᠷᠡᠯᠡᠨ ᠵᠢᠭᠤᠯᠴᠢᠯᠠᠬᠤ ᠮᠠᠰᠢᠨ ᠳᠡᠷᠬᠡᠨ ᠤ ᠪᠠᠭᠤᠴᠡ ᠶᠢ 2᠂ ᠬᠤᠪᠢ ᠶᠢᠨ ᠮᠠᠰᠢᠨ ᠲᠡᠷᠭᠡ ᠪᠠᠷ ᠵᠤᠭᠠᠴᠠᠨ ᠬᠡᠭᠡᠷᠡᠯᠡᠨ ᠪᠠᠭᠤᠳᠠᠯᠯᠠᠬᠤ ᠭᠠᠵᠠᠷ ᠢ 20 ᠠᠴᠠ ᠳᠡᠭᠡᠭᠰᠢ ᠬᠦᠭᠵᠢᠬᠦᠯᠦᠨ ᠪᠠᠶᠢᠭᠤᠯᠤᠨ᠎ᠡ᠃ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠰᠣᠳᠣᠨ ᠰᠤᠶᠤᠯ  ᠤᠨ ᠡᠬᠦᠳᠦᠯᠳᠡ ᠶᠢᠨ ᠦᠢᠯᠡᠳᠬᠦᠨ᠂ ᠲᠣᠭᠯᠠᠯᠲᠠ ᠶᠢᠨ ᠤᠷᠠᠯᠢᠭ ᠤᠨ ᠲᠦᠷᠦᠯ ᠵᠦᠢᠯ ᠢ ᠵᠣᠬᠢᠶᠠᠨ ᠪᠦᠲᠦᠭᠡᠵᠦ᠂ ᠵᠤᠭᠠᠴᠠᠭᠰᠠᠳ ᠤᠨ ᠪᠡᠶᠡᠴᠢ ᠣᠶᠢᠯᠠᠭᠠᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠡᠷᠡᠭᠦᠯᠵᠢᠯ ᠰᠤᠪᠢᠯᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠶᠠᠰᠤ ᠴᠢᠨᠠᠷ ᠢ ᠳᠡᠭᠡᠭᠰᠢᠯᠡᠭᠦᠯᠵᠦ᠂ ᠯᠢᠨ ᠬᠤ᠋ ᠶᠢᠨ ᠡᠷᠳᠡᠨ ᠤ ᠴᠠᠶᠢᠵᠠ᠂ ᠳᠠᠭ᠎ᠠ ᠶᠢᠨ ᠨᠠᠭᠤᠷ᠂ ᠰᠤᠮᠤᠨ ᠠᠭᠤᠯᠠ ᠵᠡᠷᠭᠡ ᠦᠵᠡᠮᠵᠢ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠲᠥᠯᠥᠭᠡᠯᠡᠭᠴᠢᠳ ᠠ᠋᠂ ᠢᠷᠡᠭᠡᠳᠦᠢ ᠶᠢᠨ ᠠᠵᠤ ᠦᠢᠯᠡᠰ ᠪᠣᠯ ᠣᠳᠣᠬᠠᠨ ᠳᠤ ᠡᠯ᠎ᠡ ᠭᠠᠵᠠᠷ ᠠᠵᠤ ᠠᠬᠤᠢ ᠶᠢ ᠬᠦᠬᠡᠬᠡᠴᠡᠯᠳᠦᠵᠤ᠂ ᠠᠯᠤᠰ ᠢᠷᠡᠭᠡᠳᠦᠢ ᠪᠠᠨ ᠪᠣᠳᠣᠯᠬᠢᠯᠠᠬᠤ ᠴᠢᠬᠤᠯᠠ ᠠᠵᠢᠯ ᠪᠤᠯᠤᠨ᠎ᠡ᠃ ᠰᠠᠯᠬᠢᠨ ᠡᠨᠧᠷᠭᠢ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠪᠤᠳᠤᠯᠳᠠ ᠶᠢᠨ ᠴᠢᠳᠠᠪᠤᠷᠢ ᠶᠢᠨ ᠰᠦᠯᠵᠢᠶ᠎ᠡ ᠵᠡᠷᠭᠡ ᠲᠠᠯ᠎ᠠ ᠳᠤ ᠤᠯᠠᠭᠠᠨᠴᠠᠪ ᠨᠢᠭᠡᠨᠲᠡ ᠤᠷᠢᠳᠠᠴᠢ ᠳᠠᠪᠠᠭᠤᠯᠢᠭ ᠲᠠᠢ᠂ ᠪᠢᠳᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠦᠷᠭᠦᠯᠵᠢᠯᠡᠨ ᠪᠠᠷᠠᠭᠠᠯᠬᠢᠯᠠᠯ ᠤᠨ ᠴᠢᠨᠠᠷᠲᠠᠢ ᠪᠠᠶᠢᠷᠢᠰᠢᠭᠤᠯᠤᠨ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠬᠥᠭᠵᠢᠭᠦᠯᠵᠦ᠂ ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ᠃ ︵ᠭᠤᠷᠪᠠ︶ ᠰᠢᠰᠲ᠋ᠧᠮ ᠲᠠᠢ ᠪᠠᠷ ᠵᠠᠰᠠᠬᠤ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠪᠠᠷᠢᠮᠳᠠᠯᠠᠵᠤ᠂ ᠪᠣᠬᠢᠷᠲᠤᠯ ᠦᠭᠡᠢ ᠠᠮᠢ ᠠᠬᠤᠢ ᠶᠢᠨ ᠳᠠᠪᠠᠭᠤᠯᠢᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠢᠭᠡᠳ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠬᠦᠯᠵᠤ᠂ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠲᠤᠨ ᠭᠤᠣᠯ ᠤᠨ ︽几ᠦᠰᠦᠭᠳᠤ ᠳᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ ᠶᠢ 80 ᠲᠦᠮᠡᠨ ᠮᠦ ᠪᠡᠶᠡᠯᠡᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠰᠠᠶᠢᠵᠢᠷᠠᠯᠲᠠ ᠶᠢ ᠠᠬᠢᠭᠤᠯᠤᠨ᠎ᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠳᠠᠭ᠎ᠠ ᠶᠢᠨ ᠨᠠᠭᠤᠷ᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠣᠨ ᠤ ᠡᠭᠦᠷᠭᠡ ᠪᠠᠨ ᠪᠡᠶᠡᠯᠡᠭᠦᠯᠬᠦ ᠶᠢ ᠠᠬᠢᠭᠤᠯᠵᠤ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠲᠠᠷᠠᠭᠠᠴᠢ ᠶᠢᠨ ᠲᠥᠷᠥᠯ ᠵᠦᠢᠯ ᠢ ᠰᠢᠯᠢᠳᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 1.57 ᠲᠡᠭᠰᠢ ᠳᠥᠷᠪᠡᠯᠵᠢᠨ ᠺᠢᠯᠣᠮᠧᠲᠷ ᠵᠠᠰᠠᠨ᠎ᠠ᠃ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠵᠡᠷᠭᠡ ᠳᠤᠨᠢ ᠴᠢᠬᠤᠯᠠᠴᠢᠯᠠᠵᠤ᠂ ᠨᠥᠭᠡᠴᠡ ᠪᠠᠨ ᠨᠡᠮᠡᠭᠳᠡᠭᠦᠯᠬᠦ ᠪᠠ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠳᠠᠯᠠᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃ ᠪᠣᠬᠢᠷᠲᠤᠯ ᠢ ᠰᠡᠷᠭᠡᠶᠢᠯᠡᠨ ᠵᠠᠰᠠᠵᠤ ᠪᠤᠭᠤᠮᠳᠠ ᠰᠢᠪᠳᠤᠯᠬᠤ ᠶᠢ ᠠᠬᠢᠭᠤᠯᠤᠨ᠎ᠠ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠤᠯᠠᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠶᠢ ᠲᠤᠪᠤᠶᠢᠯᠭᠠᠵᠤ᠂ ᠠᠵᠤ ᠦᠢᠯᠡᠳᠪᠦᠷᠢ ᠶᠢᠨ ᠵᠤᠤᠬ᠎ᠠ᠂ ᠰᠢᠳᠠᠭᠠᠯᠭ᠎ᠠ ᠶᠢᠨ ᠨᠡᠬᠦᠷᠡᠰᠦ ᠶᠢ ᠰᠤᠯᠠ ᠰᠢᠳᠠᠭᠠᠬᠤ ᠶᠢ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠠᠰᠬᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠲᠤᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠳᠠ ᠪᠠᠯᠭᠠᠰᠤᠨ ᠤ ᠬᠤᠭ ᠨᠣᠪᠰᠢ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠭᠠᠷᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠱᠠᠲᠤ ᠬᠤᠪᠢᠶᠠᠨ ᠬᠡᠷᠡᠭᠵᠢᠭᠦᠯᠵᠦ᠂ ᠤᠯᠤᠰ ᠤᠨ ᠭᠠᠵᠠᠷ ᠤᠨ ᠭᠠᠳᠠᠷᠭᠤ ᠶᠢᠨ ᠤᠰᠤᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠬᠥᠷᠥᠰᠥ ᠰᠢᠷᠣᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠠᠲᠤᠯᠠᠨ᠎ᠠ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠡ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠤᠰᠤ ᠠᠷᠪᠢᠯᠠᠬᠤ 21 ᠲᠦᠷᠦᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠥᠨᠳᠥᠷ ᠳᠤᠯᠠᠭᠠᠨ ᠢᠶᠠᠷ ᠨᠡᠭᠦᠷᠡᠰᠦᠵᠢᠭᠦᠯᠬᠦ ᠵᠡᠷᠭᠡ ᠡᠨᠧᠷᠭᠢ ᠠᠷᠪᠢᠯᠠᠬᠤ ᠲᠡᠷᠢᠭᠦᠨ ᠤ ᠮᠡᠷᠭᠡᠵᠢᠯ ᠵᠢᠴᠢ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠬᠦᠷᠢᠶᠡᠨ ᠤ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠡᠬᠢ ᠡᠭᠦᠰᠦᠯ ᠠᠴᠠ ᠨᠢ ᠵᠠᠰᠠᠬᠤ ᠪᠠᠷ ᠢᠯᠡᠭᠦᠦ ᠦᠢᠯᠡᠳᠪᠦᠷᠢᠯᠡᠵᠤ᠂ ᠡᠨᠧᠷᠬᠢ ᠪᠠᠭ᠎ᠠ ᠬᠤᠷᠣᠭᠳᠠᠭᠤᠯᠬᠤ ᠶᠢ ᠠᠬᠢᠭᠤᠯᠤᠨ᠎ᠡ ᠃ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠯᠠᠪᠳᠠᠭᠤᠨ ᠪᠠᠲᠤᠲᠠᠢ ᠪᠠᠷ ᠠᠬᠢᠭᠤᠯᠵᠤ᠂ ︽ᠳᠠᠪᠤ ᠶᠢ ᠳᠤᠶᠢᠯᠪᠤᠷᠢᠳᠡᠢ ᠪᠠᠶᠢᠴᠠᠭᠠᠬᠤ︾ ᠠᠵᠢᠯᠯᠠᠭ᠎ᠠ ᠶᠢ ᠦᠷᠬᠦᠯᠵᠢᠯᠡᠨ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠮᠪᠡᠭᠡ ᠡᠪᠡᠰᠦ ᠪᠣᠷᠳᠤᠭ᠎ᠠ᠂ ᠣᠨᠴᠠᠯᠢᠭᠲᠤ ᠣᠶ ᠵᠢᠮᠢᠰ᠂ ᠣᠶ ᠡᠪᠡᠰᠦᠨ ᠤ ᠬᠢᠲᠠᠳ ᠡᠮ ᠤᠨ ᠮᠠᠲ᠋ᠧᠷᠢᠶᠠᠯ ᠵᠡᠷᠭᠡ ᠨᠢᠭᠡ ᠪᠦᠯᠦᠭ  ᠳᠠᠪᠠᠭᠤᠯᠢᠭ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠠᠯᠵᠢᠶ᠎ᠠ ᠶᠢ ᠥᠷᠨᠢᠭᠦᠯᠦᠨ᠂ ︽ᠨᠤᠭᠤᠭᠠᠷᠠᠭᠤᠯᠤᠯᠳᠠ ᠪᠠᠷ ᠭᠤᠶᠤᠯᠠᠬᠤ︾ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠪᠣᠬᠢᠷᠲᠤᠯ ᠦᠭᠡᠢ ᠬᠥᠭᠵᠢᠯᠲᠡ ᠶᠢᠨ ︽ᠴᠤᠭ ᠰᠦᠯᠳᠡ︾ ᠶᠢ ᠨᠠᠩ ᠲᠥᠪᠯᠡᠭᠦᠨ᠂ ᠡᠬᠡ ᠤᠯᠤᠰ ᠤᠨ ᠤᠮᠠᠷᠠᠲᠤ ᠬᠢᠯᠢ ᠶᠢᠨ ︽ᠥᠩᠭᠡ ᠵᠢᠰᠦ︾ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃ ︵ᠳᠥᠷᠪᠡ︶ ᠥᠭᠡᠷᠡᠴᠢᠯᠡᠯᠲᠡ ᠨᠡᠭᠡᠭᠡᠯᠲᠡ᠂ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠴᠦᠯᠡᠨ ᠴᠢᠩᠭᠠᠳᠬᠠᠨ᠎ᠠᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠳᠤ ᠲᠠᠬᠢᠨ ᠪᠤᠭᠤᠮᠳᠠ ᠰᠢᠪᠳᠤᠯᠤᠯᠳᠡ ᠬᠢᠨ᠎ᠡ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭ᠎ᠠ ᠶᠠᠪᠤᠳᠠᠯ ᠢ  ᠣᠶᠣᠨᠲᠦ ᠪᠠᠷ ᠭᠦᠢᠴᠡᠳᠬᠡᠬᠦ︾ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠡᠷᠭᠡ ᠲᠤᠰᠬᠠᠢ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠣᠷᠴᠢᠨ ᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠬᠡᠨ ᠤ ︽ᠥᠯᠢᠭᠡᠷ ᠳᠠᠭᠤᠷᠢᠶᠠᠯ ᠥᠷᠥᠭᠡ︾ ᠶᠢᠨ ᠪᠦᠲᠦᠭᠡᠨ ᠪᠠᠶᠢᠭᠤᠯᠤᠯᠳᠠ ᠶᠢ ᠭᠦᠨᠵᠡᠬᠡᠶᠢᠷᠡᠬᠦᠯᠦᠨ᠎ᠡ᠃ ᠥᠭᠡᠷᠡᠴᠢᠯᠡᠯᠲᠡ ᠬᠢᠬᠦ ᠪᠠᠷ ᠬᠦᠷᠢᠶᠡᠯᠡᠩ ᠳᠤᠭᠤᠷᠢᠭ ᠲᠤ ᠬᠦᠴᠦᠨ ᠨᠡᠮᠡᠷᠢᠯᠡᠵᠤ᠂ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠵᠠᠭᠪᠤᠷ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠭᠠᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ︽ᠪᠦᠰᠡᠯᠡᠯᠲᠡ ᠶᠢ ᠰᠢᠪᠲᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠡᠨᠧᠷᠭᠢ ᠶᠢᠨ ᠣᠷᠣᠭᠤᠯᠤᠯᠲᠠ᠂ ᠭᠠᠳᠠᠭᠠᠳᠤ ᠠᠵᠤ ᠠᠬᠤᠢ ᠠᠷᠠᠯᠵᠢᠶ᠎ᠠ᠂ ᠬᠤᠸᠠ ᠴᠤᠸᠠᠩ᠂ ᠤᠯᠤᠰ ᠤᠨ ᠦᠮᠴᠢᠯᠡᠯᠳᠦ ᠪᠡᠯᠡ ᠮᠦᠩᠬᠦ ᠶᠢᠨ ᠡᠵᠡᠩᠨᠡᠯᠳᠡ ᠵᠡᠷᠬᠡ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠲᠡᠮᠵᠢᠨ᠎ᠠ᠃ ᠰᠢᠨ᠎ᠡ ᠨᠢᠬᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠡ᠃ᠵᠠᠮ ᠨᠡᠪᠳᠡᠷᠡᠬᠦᠯᠬᠡ ᠶᠢᠨ ᠵᠠᠩᠭᠢᠯᠠᠭ᠎ᠠ ᠶᠢᠨ ᠴᠢᠳᠠᠮᠵᠢ ᠶᠢ ᠳᠠᠬᠢᠨ ᠳᠡᠭᠡᠭᠰᠢᠯᠡᠭᠦᠯᠦᠨ᠎ᠡ᠃ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠭᠡ ᠶᠢᠨ ᠲᠥᠪᠯᠡᠷᠡᠭᠦᠯᠵᠦ ᠲᠠᠷᠬᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ᠨᠢᠭᠡ ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠳᠤᠮᠳᠠᠳᠤ ᠮᠣᠩᠭᠤᠯ ᠤᠨ ᠵᠢᠰᠢᠶᠠᠨ ᠤ ᠭᠠᠯᠳᠤ ᠲᠡᠷᠭᠡ ᠶᠢ ᠵᠢᠷᠤᠭᠴᠢᠯᠠᠵᠤ ᠲᠣᠭᠲᠠᠭᠠᠭᠰᠠᠨ ᠵᠠᠮ ᠱᠤᠭᠤᠮ ᠳᠤ ᠣᠷᠣᠭᠤᠯᠬᠤ ᠶᠢ ᠠᠬᠢᠭᠤᠯᠵᠤ᠂ ︽ᠤᠯᠠᠭᠠᠨᠴᠠᠪ +︾ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠵᠢᠰᠢᠶᠠᠨ  ᠤ ᠭᠠᠯᠳᠤ ᠲᠡᠷᠭᠡ ᠶᠢ ᠨᠡᠮᠡᠨ ᠨᠡᠪᠳᠡᠷᠡᠬᠦᠯᠵᠤ᠂ ᠳᠤᠮᠳᠠᠳᠤ ᠡᠸᠦ᠋ᠷᠦᠫᠡ ︵ᠮᠣᠩᠭᠤᠯ︶ ᠶᠢᠨ ᠵᠢᠰᠢᠶᠠᠨ ᠤ ᠭᠠᠯᠳᠤ ᠲᠡᠷᠭᠡ ᠶᠢ 200 ᠴᠤᠪᠤᠭ᠎ᠠ ᠠᠴᠠ ᠳᠡᠭᠡᠭᠰᠢ ᠨᠡᠪᠲᠡᠷᠡᠭᠦᠯᠦᠨ᠎ᠡ᠃ ᠲᠤᠯᠤᠳᠤᠭᠠᠷ ᠰᠤᠮᠤ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠭᠠᠳᠠᠭᠠᠳᠤ ᠳᠠᠬᠢ ᠬᠥᠮᠥᠷᠭᠡ᠂ ᠭᠠᠳᠠᠭᠠᠳᠤ ᠳᠠᠬᠢ ᠬᠦᠷᠢᠶᠡᠯᠡᠩ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ᠂ ᠠᠭᠠᠷ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠪᠠᠶᠢᠭᠤᠯᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳᠤᠮᠳᠠᠳᠤ ᠡᠸᠦ᠋ᠷᠦᠫᠡ ᠶᠢᠨ ᠠᠴᠢᠶᠠᠨ ᠤ ᠡᠭᠡᠯᠵᠢ ᠶᠢᠨ ᠨᠢᠰᠭᠡᠯ ᠪᠠ ᠵᠢᠵᠢᠭᠯᠡᠨ ᠪᠤᠷᠤᠯᠠᠭᠤᠯᠬᠤ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠲᠠᠬᠢᠨ ᠥᠷᠭᠡᠳᠬᠡᠨ᠎ᠡ᠃ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ᠂ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ᠂ ᠤᠯᠤᠰ ᠤᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠳᠤᠯᠭᠠᠭᠤᠷᠢᠯᠠᠭᠤᠯᠬᠤ ᠴᠡᠭ ᠪᠤᠯᠬᠤ ᠬᠤᠲᠠ ᠶᠢᠨ ᠳᠥᠷᠪᠡᠨ ︽ᠤᠯᠤᠰ ᠤᠨ ᠨᠠᠷᠠᠲᠤ ᠳᠡᠮᠳᠡᠭᠳᠤ︾ ᠨᠡᠷ᠎ᠡ ᠶᠢᠨ ᠬᠠᠭᠤᠳᠠᠰᠤ ᠶᠢ ᠥᠨᠳᠥᠷ ᠬᠢᠷᠢ ᠲᠦᠪᠰᠢᠨ ᠢᠶᠠᠷ ᠡᠬᠦᠳᠴᠦ᠂ ᠥᠪᠡᠷᠲᠡᠭᠡᠨ ᠵᠠᠰᠠᠬᠤ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠭᠤᠯᠤᠨ᠎ᠠ᠃ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠦᠢᠯᠡᠳᠬᠦᠨ ᠤ ᠪᠦᠲᠦᠴᠡ ᠪᠠ ᠠᠷᠠᠯᠵᠢᠶᠠᠨ ᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶ᠎ᠠ ᠲᠦᠪᠯᠡᠷᠡᠭᠰᠡᠨ ᠣᠷᠣᠨ᠂ ᠠᠷᠠᠯᠵᠢᠶ᠎ᠠ ᠶᠢ ᠠᠬᠢᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠲᠣᠰᠣ ᠵᠡᠷᠭᠡ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠠᠬᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠢ ᠲᠤᠷᠰᠢᠨ ᠥᠷᠨᠢᠭᠦᠯᠦᠨ᠎ᠡ᠃ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠭᠤᠤᠯ ᠴᠣᠭᠴᠠ ᠶᠢ ᠬᠦᠴᠦᠷᠬᠡᠭᠵᠢᠬᠦᠯᠦᠨ ᠪᠤᠵᠠᠭᠠᠶᠢᠷᠠᠭᠤᠯᠵᠤ᠂ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠷᠠᠯᠵᠢᠶᠠᠨ ᠤ ᠪᠤᠴᠠᠯᠲᠠ ᠶᠢ ᠠᠬᠢᠭᠤᠯᠵᠤ᠂ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠶᠡᠷᠦᠩᠬᠡᠢ ᠬᠡᠮᠵᠢᠶ᠎ᠡ ᠶᠢ 45% ᠤᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠣᠷᠣᠨ ᠪᠦᠰᠡ ᠶᠢᠨ ᠬᠠᠮᠵᠢᠯᠴᠠᠨ ᠬᠥᠭᠵᠢᠬᠦ ᠳᠤ ᠲᠠᠬᠢᠨ ᠬᠦᠴᠦᠨ ᠨᠡᠮᠡᠷᠢᠯᠡᠨ᠎ᠡ᠃ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠤᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠨ ᠣᠯᠵᠤ᠂ ᠪᠦᠬᠦ ᠲᠠᠯ᠎ᠠ ᠪᠠᠷ᠂ ᠤᠯᠠᠨ ᠬᠦᠷᠢᠶᠡᠨ ᠤ᠂ ᠭᠦᠨ ᠳᠠᠪᠬᠤᠷᠭ᠎ᠠ ᠪᠠᠷ ᠤᠯᠤᠰ ᠤᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠭᠤᠯᠬᠤ ᠪᠠ ᠦᠢᠯᠡᠴᠢᠯᠡᠨ᠎ᠡ᠃ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠠᠶᠢᠭᠤᠯᠬᠤ ᠠᠵᠠ ᠲᠣᠬᠢᠶᠠᠯ ᠢ ᠠᠮᠵᠢᠵᠤ᠂ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ᠂ ᠡᠷᠢᠶᠡᠨ ᠬᠤᠲᠠ ᠶᠢᠨ ᠪᠣᠭᠤᠮᠲᠠ ᠶᠢᠨ ᠳᠣᠲᠣᠷ᠎ᠠ ᠭᠠᠵᠠᠷ ᠲᠠᠢ ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠣᠷᠣᠰ ᠮᠣᠩᠭᠤᠯ ᠡᠸᠦ᠋ᠷᠦᠫᠡ ᠯᠦᠭᠡ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠠᠬᠢᠭᠤᠯᠵᠤ᠂ ︽ᠤᠯᠠᠭᠠᠨᠴᠠᠪ ᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠡᠨᠧᠷᠭᠢ᠂ ᠪᠤᠬᠢᠷᠳᠤᠯ ᠦᠬᠡᠢ ᠪᠤᠳᠤᠯᠳᠠ ᠶᠢᠨ ᠴᠢᠳᠠᠪᠤᠷᠢ ᠶᠢ ᠪᠡᠭᠡᠵᠢᠩ ᠳᠤ ᠣᠷᠣᠭᠤᠯᠵᠤ᠂ ᠪᠡᠭᠡᠵᠢᠩ ᠤᠨ ᠴᠢᠳᠠᠪᠤᠷᠢᠲᠠᠨ ᠤ ᠡᠬᠢ ᠪᠠᠶᠠᠯᠢᠭ᠂ ᠬᠠᠮᠵᠢᠯᠴᠠᠭᠠᠨ ᠤ ᠪᠡᠯᠡ ᠮᠥᠩᠭᠦ᠂ ᠨᠡᠶᠢᠭᠡᠮ ᠤᠨ ᠬᠥᠷᠥᠩᠭᠡ ᠤᠯᠠᠭᠠᠨᠴᠠᠪ ᠲᠤ ᠬᠦᠷᠬᠦ︾ ᠠᠵᠢᠯᠯᠠᠭ᠎ᠠ ᠶᠢ ᠬᠦᠨᠵᠡᠬᠡᠶᠢᠷᠡᠬᠦᠯᠵᠤ᠂ ᠪᠠᠶᠢᠳᠠᠯ ᠢ ᠠᠰᠢᠭᠯᠠᠨ ᠬᠦᠴᠦᠯᠡᠬᠦ᠂ ᠱᠠᠲᠤ ᠵᠢᠭᠡᠯᠡᠵᠦ ᠥᠨᠳᠥᠷ ᠲᠤ ᠠᠪᠠᠷᠢᠬᠤ ᠶᠡᠭᠡ ᠶᠠᠪᠤᠳᠠᠯ ᠢ ᠨᠠᠷᠢᠨ ᠨᠢᠮᠪᠠᠢ ᠰᠠᠶᠢᠲᠤᠷ ᠬᠢᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠷᠭ᠎ᠠ ᠬᠡᠮᠵᠢᠶ᠎ᠡ ᠨᠦᠭᠦᠳ ᠪᠠ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ 4 ᠵᠦᠢᠯ ᠤᠨ ᠬᠡᠯᠡᠯᠴᠡᠬᠡᠷ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠡᠯ᠎ᠡ ᠲᠦᠷᠦᠯ ᠤᠨ ᠬᠦᠴᠦᠨ ᠵᠦᠢᠯ ᠤᠨ ᠴᠢᠯᠦᠭᠡᠲᠡᠢ ᠰᠢᠯᠵᠢᠬᠦ᠂ ᠭᠦᠢᠴᠡᠳ ᠠᠭᠤᠰᠤᠯᠴᠠᠬᠤ᠂ ᠪᠦᠲᠦᠮᠵᠢᠲᠡᠢ ᠲᠦᠪᠯᠡᠷᠡᠬᠦ ᠶᠢ ᠠᠬᠢᠭᠤᠯᠤᠨ᠎ᠠ᠃ ︵ᠲᠠᠪᠤ︶ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠥᠳᠡᠭᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠬᠠᠮᠲᠤᠪᠠᠷ ᠴᠢᠨᠡᠭᠡᠯᠢᠭᠵᠢᠬᠦ ᠬᠠᠷᠠᠯᠲᠠ ᠵᠦᠭ ᠤᠷᠤᠭᠰᠢᠯᠠᠨ᠎ᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠶᠢ ᠰᠠᠶᠢᠲᠤᠷ ᠠᠳᠬᠤᠨ᠎ᠠ᠃ ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠪᠥᠬᠦ ᠤᠯᠤᠰ ᠤᠨ ᠠᠩᠬᠠᠳᠠᠭᠴᠢ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠨ ᠱᠠᠳᠤ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠶᠢᠨ ᠡᠭᠦᠷᠭᠡ ᠶᠢ ᠴᠢᠨᠠᠷᠯᠢᠭ ᠪᠡᠶᠡᠯᠡᠬᠦᠯᠵᠤ᠂ ᠠᠮᠤ ᠪᠤᠳᠠᠭᠠᠨ ᠤ ᠤᠨᠠᠯᠳᠠ ᠶᠢ ᠳᠤᠭᠳᠠᠪᠤᠷᠢᠵᠢᠭᠤᠯᠵᠤ᠂ ᠤᠨᠠᠯᠳᠠ ᠶᠢ ᠨᠡᠮᠡᠭᠳᠡᠭᠦᠯᠦᠨ᠂ ︽ᠨᠣᠭᠤᠭᠠᠨ ᠤ ᠰᠠᠭᠰᠤ︾ ᠶᠢᠨ ᠬᠠᠩᠭᠠᠮᠵᠢ ᠭᠦᠢᠴᠡᠳ ᠪᠠᠶᠢᠬᠤ ᠶᠢ ᠪᠠᠳᠤᠯᠠᠨ᠎ᠠ᠃ ᠲᠥᠮᠥᠰᠥ᠂ ᠨᠣᠬᠠᠶ ᠶᠢᠨ ᠬᠤᠰᠢᠭᠤ᠂ ᠠᠯᠠᠰᠢᠨ ᠬᠤᠨᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ᠂ 5000 ᠮᠦ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ 128 ᠲᠦᠮᠡᠨ ᠮᠦ ᠲᠡᠵᠢᠭᠡᠯ ᠡᠪᠡᠰᠦ ᠲᠠᠷᠢᠨ᠎ᠠ᠃ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠥᠮᠦᠰᠦᠨ ᠤ ᠬᠤᠷᠠᠯ ᠢ ᠰᠠᠶᠢᠲᠤᠷ ᠡᠷᠬᠢᠯᠡᠨ᠎ᠠ᠃ ᠣᠯᠠᠨ ᠬᠡᠯᠪᠡᠷᠢ᠂ ᠣᠯᠠᠨ ᠬᠦᠷᠢᠶ᠎ᠡ ᠴᠠᠷᠠᠭ᠎ᠠ᠂ ᠣᠯᠠᠨ ᠬᠠᠷᠠᠭᠠᠰᠤ ᠠᠴᠠ ︽ᠤᠤᠷ ᠠᠮᠳᠠᠳᠤ ᠤᠯᠠᠭᠠᠨᠴᠠᠪ︾ ᠤᠨ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠠᠵᠢᠯ ᠢ ᠥᠷᠨᠢᠭᠦᠯᠵᠦ᠂ ᠰᠠᠶᠢᠬᠠᠨ ᠨᠡᠷ᠎ᠡ ᠪᠠᠨ ᠳᠠᠭᠤᠷᠢᠰᠤᠭᠤᠯᠵᠤ᠂ ᠲᠣᠮᠣ ᠵᠠᠬ᠎ᠠ ᠳᠡᠯᠭᠡᠭᠦᠷ ᠢ ᠡᠵᠡᠯᠡᠵᠦ᠂ ᠰᠢᠯᠢᠳᠡᠭ ᠦᠢᠯᠡᠳᠬᠦᠨ ᠢ ᠰᠠᠶᠢᠨ ᠦᠨ᠎ᠡ ᠪᠠᠷ ᠬᠤᠳᠠᠯᠳᠤᠬᠤ ᠶᠢ ᠠᠬᠢᠭᠤᠯᠤᠨ᠎ᠠ᠃ ᠡᠶ᠎ᠡ ᠵᠤᠬᠢᠴᠠᠩᠭᠤᠢ ᠰᠠᠶᠢᠨ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠬᠢᠨ ᠶᠠᠳᠠᠭᠤᠷᠠᠬᠤ ᠰᠡᠷᠬᠡᠶᠢᠯᠡᠯᠳᠡ ᠶᠢᠨ ᠬᠢᠨᠠᠯᠳᠠ ᠬᠡᠮᠵᠢᠯᠳᠠ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠰᠠᠨ ᠬᠥᠮᠦᠨ ᠠᠮᠠ ᠶᠢᠨ ᠠᠵᠢᠯ ᠡᠷᠬᠢᠯᠡᠬᠦ ᠬᠡᠪᠴᠢᠶ᠎ᠠ ᠶᠢ 4.7 ᠲᠦᠮᠡᠨ ᠬᠦᠮᠦᠨ ᠠᠴᠠ ᠳᠡᠭᠡᠭᠰᠢ ᠪᠠᠷ ᠲᠣᠭᠲᠠᠪᠤᠷᠢᠵᠢᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠯᠠᠪᠳᠠᠭᠤᠨ ᠪᠠᠳᠤᠲᠠᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠤᠨ᠎ᠠ᠃ ︽ᠮᠢᠩᠭ᠎ᠠ  ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠵᠢᠭᠦᠯᠵᠦ᠂ ᠬᠥᠳᠡᠭᠡ ᠲᠣᠰᠬᠤᠨ ᠤ ᠠᠷᠠᠳ ᠤᠯᠠᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯᠯᠠᠭ᠎ᠠ ᠶᠢ ᠬᠦᠨᠵᠡᠬᠡᠶᠢᠷᠡᠬᠦᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠤᠷᠢᠯᠠᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ 80% ᠠᠴᠠ ᠳᠠᠪᠠᠭᠤᠯᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠬᠦ ᠴᠢᠳᠠᠮᠵᠢ ᠲᠠᠢ ᠪᠠᠶᠢᠭᠤᠯᠤᠮᠵᠢᠲᠤ ᠪᠠᠯᠭᠠᠰᠤ ᠶᠢ 45% ᠪᠠᠷ ᠳᠠᠪᠠᠭᠤᠯᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 5651 ᠢᠵᠢ ᠦᠬᠡᠷᠡᠴᠢᠯᠡᠵᠤ ᠪᠠᠶᠢᠭᠤᠯᠤᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠢᠯᠢ ᠬᠢᠵᠠᠭᠠᠷ ᠣᠷᠣᠨ ᠤ ᠴᠠᠬᠢᠯᠭᠠᠨ ᠬᠦᠴᠦ᠂ ᠴᠢᠮᠡᠭᠡ ᠬᠤᠯᠪᠣᠭ᠎ᠠ᠂ ᠤᠰᠤ ᠬᠡᠷᠡᠭᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ᠂ ᠣᠶ ᠰᠢᠭᠤᠶ ᠶᠢᠨ ᠰᠢᠶᠠᠩ ᠪᠠᠯᠭᠠᠰᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠵᠡᠷᠭᠡ ᠶᠢ ᠨᠥᠬᠦᠴᠡᠯ ᠲᠠᠢ ᠭᠠᠵᠠᠷ ᠣᠷᠣᠨ ᠭᠤᠶᠤᠴᠢᠯᠠᠨ ᠮᠡᠳᠡᠭᠦᠯᠵᠦ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠳᠡᠬᠡᠭᠰᠢᠯᠡᠬᠦᠯᠤᠨ᠎ᠠ᠃ ᠳᠤᠯᠠᠭᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 2 ᠢᠯᠴᠢ ᠶᠢᠨ ᠡᠨᠧᠷᠭᠢ ᠶᠢᠨ ᠦᠢᠯᠡᠳᠪᠤᠷᠢ᠂ 39 ᠢᠯᠴᠢ ᠰᠤᠯᠢᠯᠳᠠ ᠶᠢᠨ ᠦᠷᠳᠡᠭᠡ ᠪᠠᠶᠢᠭᠤᠯᠵᠤ᠂ ᠴᠡᠪᠡᠷ ᠳᠤᠯᠠᠭᠠᠯᠠᠮᠵᠢ ᠶᠢᠨ ᠭᠤᠷᠪᠠᠨ ᠵᠢᠯ ᠤᠨ ᠶᠡᠷᠦᠩᠬᠡᠢ ᠡᠬᠦᠷᠬᠡ ᠶᠢ ᠪᠡᠶᠡᠯᠡᠬᠦᠯᠵᠤ᠂ ᠣᠶᠣᠨᠲᠦ ᠢᠯᠴᠢ ᠬᠠᠩᠭᠠᠬᠤ ᠶᠢ ᠲᠤᠷᠰᠢᠨ ᠬᠡᠷᠡᠭᠵᠢᠬᠦᠯᠦᠨ᠎ᠡ᠃ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠢ ᠲᠦᠷᠭᠡᠪᠴᠢᠯᠡᠨ ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠯ ᠴᠡᠴᠡᠷᠯᠢᠭ 5 ᠪᠠᠶᠢᠭᠤᠯᠵᠤ᠂ ᠬᠤᠳᠠ ᠶᠢᠨ ᠨᠤᠭᠤᠭᠠᠷᠠᠭᠤᠯᠤᠯᠳᠠ ᠶᠢᠨ ᠵᠠᠮ ᠱᠤᠭᠤᠮ ᠢ 6.4 ᠺᠢᠯᠣᠮᠧᠲᠷ ᠳᠡᠪᠢᠰᠴᠤ ᠪᠠᠶᠢᠭᠤᠯᠤᠨ᠎ᠠ᠃ ᠠᠳᠠᠯ ᠠᠬᠤᠶ ᠵᠢᠨ‌ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠣᠶᠣᠨᠲᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠵᠢᠨᠢᠩ ᠲᠣᠭᠤᠷᠢᠭ ‍ᠤᠨ‌‍ᠪᠠᠶᠢᠭᠤᠯᠤᠭᠳᠠᠭᠰᠠᠨ ᠳᠤᠭᠤᠷᠢᠭ ᠲᠤ ᠣᠷᠣᠨ ᠰᠠᠭᠤᠴᠠ ᠶᠢᠨ ᠰᠠᠭᠤᠭᠠᠯᠢ ᠳᠤᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠦᠬᠦᠨ ᠢ  ᠪᠦᠷᠬᠦᠬᠦᠯᠬᠦ ᠶᠢ ᠠᠬᠢᠭᠤᠯᠤᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠᠲᠠᠢ ᠡᠭᠦᠳᠦᠨ ᠪᠠᠶᠢᠭᠤᠯᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠪᠣᠯᠪᠠᠰᠤᠨ ᠬᠤᠲᠠ᠂ ᠴᠡᠴᠡᠷᠯᠢᠭᠵᠢᠭᠦᠯᠦᠭᠰᠡᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠣᠶᠤᠨᠯᠢᠭ ᠬᠤᠲᠠ᠂ ᠬᠠᠷᠢᠮᠠᠬᠠᠢ ᠴᠢᠨᠠᠷ ᠲᠠᠢ ᠬᠤᠲᠠ ᠶᠢ ᠱᠠᠳᠤ ᠱᠠᠳᠤ ᠪᠠᠷ ᠲᠥᠷᠥᠯ ᠬᠤᠪᠢᠶᠠᠨ ᠪᠥᠲᠥᠭᠡᠨ ᠪᠠᠶᠢᠭᠤᠯᠵᠤ᠂ ᠬᠤᠲᠠ ᠶᠢ ᠨᠠᠩ ᠠᠮᠤᠷ ᠲᠦᠪᠰᠢᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠠᠩ ᠤᠶᠠᠨ ᠬᠠᠲᠠᠨ ᠴᠢᠨᠠᠷ ᠲᠠᠢ ᠪᠣᠯᠭᠠᠨ᠎ᠠ᠃ ︵ᠵᠢᠷᠭᠤᠭ᠎ᠠ︶ ᠪᠦᠬᠦ ᠬᠦᠴᠤᠨ ᠢᠶᠠᠷ ᠢᠶᠠᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠨ ᠡᠰᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠡᠩ ᠳᠤᠪᠤᠶᠢᠯᠭᠠᠨ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠠᠵᠢᠯ ᠣᠯᠤᠭᠠᠳᠤᠶ  ᠤᠶᠤᠳᠡᠳ ᠢ ᠦᠨᠡᠨ ᠨᠡᠷ᠎ᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠬᠤᠳᠠ ᠪᠠᠯᠭᠠᠰᠤᠨ ᠳᠤ 5500 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠠᠳᠠᠯ ᠦᠶᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ ᠶᠢᠨ ᠳᠠᠮ ᠬᠦᠤ ᠮᠦᠩᠬᠦ ᠦᠭᠬᠦ ᠡᠷᠴᠢᠮ ᠢ ᠴᠢᠩᠭᠠᠷᠠᠭᠤᠯᠵᠤ᠂ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ ᠤᠯᠭᠤᠯᠳᠠ ᠶᠢ ᠳᠡᠮᠵᠢᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ 1.1 ᠲᠦᠮᠡᠨ ᠬᠥᠮᠦᠨ ᠤᠳᠠᠭ᠎ᠠ ᠠᠴᠠ ᠳᠡᠭᠡᠭᠰᠢ ᠡᠷᠬᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠠᠵᠢᠯ ᠢ ᠭᠦᠨᠵᠡᠭᠡᠶ ᠥᠷᠨᠢᠭᠦᠯᠦᠨ᠎ᠡ᠃ ᠠᠵᠤ ᠠᠬᠤᠶᠢᠯᠠᠯ ᠤᠨ ᠬᠦᠮᠦᠨ ᠬᠡᠷᠡᠭᠯᠡᠬᠦ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠴᠢᠩᠭᠠᠳᠬᠠᠵᠤ᠂ ᠰᠦᠯᠵᠢᠶᠠᠨ ᠳᠡᠬᠡᠷ᠎ᠡ ᠪᠠ ᠨᠢᠭᠤᠷᠳᠠᠨ ᠵᠤᠯᠭᠠᠭᠤᠯᠬᠤ ᠳᠠᠪᠴᠠᠩ ᠢ ᠪᠠᠶᠢᠭᠤᠯᠵᠤ᠂ ᠠᠵᠤ ᠠᠬᠤᠶᠢᠯᠠᠯ ᠪᠠ ᠠᠵᠢᠯ ᠡᠷᠢᠭᠰᠡᠳ ᠤᠨ ᠰᠠᠨᠠᠭᠠᠨ ᠳᠤ ᠨᠡᠶᠢᠴᠡᠬᠦ ᠶᠢ ᠴᠢᠷᠮᠠᠶᠢᠨ ᠪᠡᠶᠡᠯᠡᠭᠦᠯᠦᠨ᠎ᠡ᠃ ᠰᠤᠷᠭᠠᠨ ᠬᠥᠮᠦᠵᠢᠯ ᠤᠨ ᠬᠥᠭᠵᠢᠯᠲᠡ ᠶᠢ ᠰᠢᠯᠢᠳᠡᠭᠵᠢᠬᠦᠯᠵᠤ ᠲᠡᠩᠴᠡᠭᠦᠷᠢᠲᠡᠶ ᠪᠣᠯᠭᠠᠨ᠎ᠠ᠃ ᠶᠣᠰᠣ ᠰᠤᠷᠲᠠᠬᠤᠨ  ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠰᠠᠶᠢᠲᠤᠷ ᠠᠳᠬᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠬᠠᠷᠢᠶᠠᠲᠤ ᠣᠷᠣᠨ ᠤ ᠰᠣᠷᠣᠭᠴᠢ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ ᠪᠠᠭᠰᠢ ᠶᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠶᠢ ᠰᠢᠯᠢᠳᠡᠭᠵᠢᠭᠦᠯᠦᠨ᠂ ᠪᠠᠭᠰᠢ ᠶᠢ ᠤᠷᠮᠠᠰᠢᠭᠤᠯᠤᠨ ᠱᠠᠩᠨᠠᠬᠤ ᠳᠤᠭᠳᠠᠴᠠ ᠶᠢ ᠳᠡᠬᠦᠯᠳᠡᠷᠵᠢᠬᠦᠯᠦᠨ᠎ᠡ᠃ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠤᠨᠴᠠᠯᠢᠭᠳᠤ ᠤᠯᠠᠨ ᠡᠰᠢᠵᠢᠭᠰᠡᠨ ᠬᠦᠭᠵᠢᠯᠳᠡ ᠶᠢ ᠠᠬᠢᠭᠤᠯᠤᠨ᠎ᠠ᠃ ᠨᠡᠩ ᠤᠯᠠᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠳᠠᠳᠠᠨ ᠠᠪᠴᠢᠷᠠᠵᠤ ᠰᠠᠭᠤᠷᠢᠰᠢᠭᠤᠯᠵᠤ᠂ ᠲᠤᠰᠬᠠᠢ ᠮᠡᠷᠭᠡᠵᠢᠯ ᠤᠨ ᠳᠤᠬᠢᠷᠭᠭᠤᠯᠤᠯᠳᠠ ᠪᠠ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠳᠪᠤᠷᠢ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠩ ᠤᠯᠠᠨ ᠮᠡᠷᠭᠡᠵᠢᠯ ᠤᠨ ᠴᠢᠳᠠᠪᠤᠷᠢᠲᠠᠨ᠂ ᠤᠷᠠᠨ ᠳᠠᠷᠬᠠᠨ ᠢ ᠬᠥᠮᠦᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠪᠠᠶᠢᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠬᠥᠲᠥᠯᠦᠨ ᠵᠢᠯᠣᠭᠤᠳᠴᠤ ᠵᠢᠷᠤᠮᠵᠢᠭᠤᠯᠤᠨ᠂ ᠤᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠣᠣᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢ ᠳᠡᠯᠬᠡᠷᠡᠬᠦᠯᠤᠨ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠡ᠃ ︽ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠠᠵᠢᠯᠯᠠᠭ᠎ᠠ ᠶᠢ ᠴᠤᠮᠬᠠᠳᠬᠠᠨ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠤᠵᠢᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ ᠪᠠᠷ ᠨᠡᠩ ᠤᠯᠠᠨ ᠬᠦᠮᠦᠰ ᠲᠤ ᠠᠰᠢᠭ ᠬᠦᠷᠲᠡᠭᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠮᠴᠢᠯᠡᠭᠡ ᠶᠢᠨ ᠳᠠᠭᠠᠳᠬᠠᠯ᠂ ᠡᠮᠴᠢᠯᠡᠭᠡ᠂ ᠡᠮ ᠤᠨ ᠵᠦᠢᠯ︾ ᠤᠨ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠨᠢᠭᠲᠠᠷᠠᠭᠰᠠᠨ ᠮᠠᠶ᠋ᠢᠭ ᠤᠨ ᠰᠢᠶᠠᠨ ᠤ ᠬᠡᠪᠴᠢᠶᠡᠨ ᠤ ᠡᠮᠴᠢᠯᠡᠭᠡ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠬᠤ ᠪᠠᠷ ᠭᠤᠶᠤᠴᠢᠯᠠᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢ ᠥᠨᠳᠥᠷ ᠲᠦᠪᠰᠢᠨ ᠢᠶᠠᠷ ᠪᠠᠶᠢᠭᠤᠯᠵᠤ᠂ ᠪᠦᠬᠦ ᠬᠤᠳᠠ ᠳᠤ ᠰᠢᠨ᠎ᠡ ᠪᠠᠷ 160 ᠡᠪᠡᠳᠴᠢᠲᠡᠨ ᠤ ᠣᠷᠣ ᠶᠢ ᠨᠡᠮᠡᠭᠳᠡᠬᠦᠯᠤᠨ᠎ᠠ᠃ ᠰᠢᠩ ᠾᠧ ᠰᠢᠶᠠᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢᠶᠠᠷ ᠮᠡᠳᠡᠭᠦᠯᠬᠦ ᠶᠢ ᠳᠡᠮᠵᠢᠵᠦ᠂ ᠰᠢᠶᠠᠨ ᠤ ᠱᠠᠲᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠦᠬᠡ ᠬᠤᠶᠠᠳᠤᠭᠠᠷ ᠳᠡᠰ ᠪᠤᠯᠭᠠᠨ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃ ᠡᠷᠡᠭᠦᠯ ᠡᠩᠬᠡ ᠤᠯᠠᠭᠠᠨᠴᠠᠪ ᠤᠨ ᠠᠵᠢᠯᠯᠠᠭ᠎ᠠ ᠶᠢ ᠬᠦᠨᠵᠡᠬᠡᠶᠢᠷᠡᠬᠦᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠨ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠳᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢ ᠨᠡᠩ ᠬᠦᠴᠦᠨ ᠲᠡᠭᠦᠯᠳᠡᠷ ᠪᠣᠯᠭᠠᠨ᠎ᠠ᠃ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠳᠤᠭᠳᠠᠭᠠᠬᠤ ᠶᠢ ᠴᠢᠩᠭᠠᠳᠬᠠᠵᠤ᠂ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ᠂ ᠲᠤᠰᠬᠠᠶ ᠲᠦᠷᠦᠯ ᠢᠶᠠᠷ ᠠᠪᠤᠷᠠᠨ ᠲᠤᠰᠠᠯᠠᠬᠤ᠂ ᠪᠠᠴᠢᠮ ᠪᠡᠷᠬᠡ ᠪᠠᠶᠢᠳᠠᠯ ᠢ ᠠᠪᠤᠷᠠᠨ ᠲᠤᠰᠠᠯᠠᠬᠤ ᠲᠦᠷᠢᠮ ᠤᠨ ᠬᠠᠮᠵᠢᠯᠴᠠᠭ᠎ᠠ ᠶᠢ ᠴᠢᠬᠤᠯᠠᠴᠢᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠨᠢᠭᠡ ᠺᠣᠳ᠋ ᠢᠶᠠᠷ ᠨᠡᠶᠢᠳᠡᠮ ᠭᠦᠢᠴᠡᠳᠬᠡᠬᠦ︾ ᠶᠢᠨ ᠪᠦᠬᠦᠨ ᠢ ᠬᠠᠮᠤᠷᠬᠤ ᠶᠢ ᠠᠬᠢᠭᠤᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ᠂ ᠬᠡᠤᠬᠡᠳ ᠴᠦᠬᠡᠨ ᠠᠪᠬᠤ ᠶᠢ ᠢᠳᠡᠪᠬᠢᠳᠡᠢ ᠠᠷᠭᠠᠴᠠᠵᠤ᠂ ᠨᠠᠰᠤᠳᠠᠶᠢᠴᠤᠳ ᠤᠨ ᠠᠵᠤ ᠠᠬᠤᠶ ᠶᠢ ᠬᠥᠭᠵᠢᠭᠦᠯᠦᠨ᠂ ᠦᠷᠡᠵᠢᠯ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠬᠡᠦᠬᠡᠳ ᠪᠠᠭᠠᠴᠤᠳ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ᠂ ᠨᠠᠰᠤᠨ ᠳᠤ ᠦᠯᠦ ᠬᠦᠷᠦᠭᠰᠡᠳ ᠵᠡᠷᠭᠡ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ︽ᠳᠡᠷᠭᠡᠳᠡᠬᠢ ᠠᠪᠤᠷᠠᠨ ᠳᠤᠰᠠᠯᠠᠯᠳᠠ︾ ᠶᠢᠨ ᠠᠵᠢᠯ ᠢ ᠠᠬᠢᠭᠤᠯᠵᠤ᠂ ᠨᠡᠶᠢᠭᠡᠮ ᠤᠨ ᠠᠰᠠᠷᠠᠮᠵᠢ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠢ ᠬᠥᠭᠵᠢᠭᠦᠯᠦᠨ᠎ᠡ᠃ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠰᠢᠩ ᠾᠧ ᠰᠢᠶᠠᠨ ᠳᠤ ᠭᠠᠯ ᠢᠶᠠᠷ ᠳᠡᠭᠳᠡᠭᠡᠬᠦ ᠲᠣᠭᠤᠷᠢᠭ ᠢ ᠬᠤᠪᠢᠶᠠᠷᠢᠯᠠᠨ ᠲᠣᠭᠲᠠᠭᠠᠬᠤ ᠠᠵᠢᠯ ᠢ ᠲᠤᠷᠰᠢᠨ ᠥᠷᠨᠢᠭᠦᠯᠵᠦ᠂ 70% ᠠᠴᠠ ᠳᠡᠭᠡᠭᠰᠢᠬᠢ ᠰᠢᠶᠠᠨ ᠰᠢᠶᠠᠩ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ 1541 ᠢᠵᠢ ᠪᠠᠲᠤᠯᠠᠭᠠᠲᠤ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ 3930 ᠡᠷᠤᠭᠡ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠰᠢᠨ᠎ᠡ ᠪᠠᠷ ᠨᠡᠮᠡᠭᠳᠡᠭᠰᠡᠨ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠦᠮᠦᠰ ᠤᠨ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠰᠣᠶᠣᠯ ᠪᠡᠶ᠎ᠡ ᠲᠠᠮᠢᠷ ᠤᠨ ᠦᠢᠯᠡᠰ ᠢ ᠨᠡᠩ ᠴᠡᠴᠡᠭᠯᠡᠭᠦᠯᠦᠨ ᠬᠥᠭᠵᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠳᠤ ᠠᠩᠬᠠᠷᠤᠯ ᠢᠶᠠᠨ ᠲᠥᠪᠯᠡᠷᠡᠭᠦᠯᠵᠦ᠂ 70 ᠪᠦᠯᠦᠭ ︵ᠪᠠᠳᠠᠭ︶ ᠠᠴᠠ ᠳᠡᠭᠡᠭᠰᠢ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠳᠤᠭᠯᠠᠭᠤᠯᠤᠨ᠂ 1800 ᠭᠠᠷᠤᠶ ᠲᠠᠯᠠᠪᠤᠷ ᠠᠴᠠ ᠳᠡᠭᠡᠭᠰᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠢ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ᠃ ᠰᠣᠶᠣᠯ ᠤᠨ ᠥᠪ ᠢ ᠪᠦᠲᠦᠭᠡᠯᠴᠢ ᠪᠠᠷ ᠬᠠᠮᠠᠭᠠᠯᠠᠬᠤ᠂ ᠡᠬᠦᠳᠤᠯᠳᠡ ᠲᠠᠢ ᠪᠠᠷ ᠬᠥᠭᠵᠢᠭᠦᠯᠬᠦ ᠶᠢ ᠠᠬᠢᠭᠤᠯᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠳᠡᠤᠬᠡᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠳᠡᠤᠬᠡᠨ ᠳᠤᠷᠠᠰᠬᠠᠯᠲᠤ ᠵᠦᠢᠯ ᠢ ᠬᠠᠮᠠᠭᠠᠯᠠᠬᠤ ᠳᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠲᠦᠭᠡᠮᠡᠯᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ 70 ᠵᠦᠶᠯ ᠠᠴᠠ ᠳᠡᠭᠡᠭᠰᠢ ᠡᠷᠭᠢᠯᠡᠨ᠎ᠡ᠃ ᠪᠦᠬᠦ ᠤᠷᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠳᠠᠮᠢᠷ ᠤᠨ  ᠴᠤᠭᠯᠠᠭᠠᠨ ᠵᠡᠷᠬᠡ ᠤᠷᠤᠯᠳᠤᠭᠠᠨ ᠤ ᠳᠦᠷᠤᠯ ᠵᠦᠢᠯ  ᠤᠨ  ᠠᠵᠢᠯᠯᠠᠭ᠎ᠠ ᠶᠢ ᠰᠠᠶᠢᠳᠤᠷ ᠡᠷᠬᠢᠯᠡᠨ᠎ᠠ᠃ ᠲᠥᠯᠥᠭᠡᠯᠡᠭᠴᠢᠳ ᠡ᠂ ᠡᠨᠡ ᠵᠢᠯ ᠪᠢᠳᠡ ᠦᠪᠡᠷᠳᠡᠬᠡᠨ ᠵᠠᠰᠠᠬᠤ ᠤᠷᠤᠨ ᠤ ᠡᠯ᠎ᠠ ᠳᠦᠷᠤᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠪᠦᠬᠦ ᠲᠠᠯ᠎ᠠ ᠪᠠᠷ ᠰᠠᠶᠢᠲᠤᠷ ᠪᠡᠶᠡᠯᠡᠬᠦᠯᠦᠭᠰᠡᠨ ᠰᠠᠭᠤᠷᠢᠨ ᠳᠡᠬᠡᠷ᠎ᠡ᠂ ︽ᠠᠷᠪᠠᠨ ᠨᠢᠭᠡ︾ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠲᠣᠭᠤᠷᠢᠨ ᠳᠤ᠂ ᠤᠯᠠᠨ ᠲᠦᠮᠡᠨ ᠳᠤ ᠮᠡᠳᠡᠷᠡᠭᠳᠡᠬᠦ ᠨᠢᠭᠡ ᠪᠦᠯᠦᠭ ᠪᠣᠳᠠᠲᠤ ᠶᠠᠪᠤᠳᠠᠯ ᠢ ᠳᠠᠬᠢᠨᠳᠠ ᠬᠦᠢᠴᠡᠳᠬᠡᠨ᠎ᠠ᠃ ᠨᠢᠭᠡ᠂ ︽ᠨᠠᠰᠤᠳᠠᠨ ᠪᠠ ᠨᠢᠯᠬ᠎ᠠ︾᠃ ᠰᠢᠶᠠᠩ ᠪᠠᠯᠭᠠᠰᠤᠨ ᠤ ᠨᠠᠰᠤᠵᠢᠯᠲᠠ ᠳᠤ ᠲᠣᠬᠢᠷᠠᠭᠰᠠᠨ ᠦᠢᠯᠡᠴᠢᠯᠡᠬᠡᠨ ᠤ ᠲᠥᠪ ᠢ 26 ᠪᠠᠶᠢᠭᠤᠯᠤᠨ᠎ᠠ︔ 50 ᠵᠣᠯ ᠵᠢᠷᠭᠠᠯᠳᠤ ᠬᠦᠷᠢᠶᠡᠯᠡᠩ ᠢ ᠥᠭᠡᠷᠡᠴᠢᠯᠡᠨ ᠳᠡᠰᠵᠢᠬᠦᠯᠦᠨ᠎ᠡ︔ 4393 ᠡᠷᠦᠬᠡ ᠳᠤ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ︔ ᠬᠦᠴᠢᠷᠳᠡᠯᠲᠡᠶ ᠨᠠᠰᠤᠲᠠᠶᠢᠴᠤᠳ ᠲᠤ ᠬᠤᠭᠤᠯᠠ ᠤᠮᠳᠠ ᠶᠢᠨ ᠦᠢᠯᠡᠴᠢᠯᠡᠬᠡᠨ ᠢ ᠪᠦᠷᠬᠦᠬᠦᠯᠬᠦ ᠶᠢ ᠪᠡᠶᠡᠯᠡᠬᠦᠯᠤᠨ᠎ᠠ᠃ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠣᠷᠣᠨ ᠪᠠᠶᠢᠷᠢ 720 ᠰᠢᠨ᠎ᠡ ᠪᠠᠷ ᠨᠡᠮᠡᠭᠳᠡᠭᠦᠯᠵᠦ᠂ ︽ᠮᠧᠩ ᠪᠦᠦ ᠥᠷᠲᠡᠭᠡ︾ 2 ᠢ ᠰᠢᠨ᠎ᠡ ᠪᠠᠷ ᠪᠠᠶᠢᠭᠤᠯᠤᠨ᠎ᠠ᠃ ᠬᠤᠶᠠᠷ᠂ ︽ᠰᠤᠷᠭᠠᠨ ᠬᠦᠮᠤᠵᠢᠯ ᠪᠠ ᠡᠮ ᠡᠮᠨᠡᠯᠬᠡ︾᠃ 2 ᠬᠡᠤᠬᠡᠳ ᠤᠨ ᠴᠡᠴᠡᠷᠯᠢᠭ᠂ 1 ᠪᠠᠭ᠎ᠠ ᠰᠤᠷᠭᠠᠭᠤᠯᠢ ᠶᠢ ᠪᠠᠶᠢᠭᠤᠯᠤᠨ᠂ 1800 ᠰᠤᠷᠤᠯᠴᠠᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠪᠠᠰᠠ 3 ᠬᠡᠤᠬᠡᠳ ᠤᠨ ᠴᠡᠴᠡᠷᠯᠢᠭ᠂ 1 ᠪᠠᠭ᠎ᠠ ᠰᠤᠷᠭᠠᠭᠤᠯᠢ᠂ 1 ᠦᠨᠳᠤᠷ ᠵᠡᠷᠬᠡ ᠶᠢᠨ ᠳᠤᠮᠳᠠᠳᠤ ᠰᠤᠷᠭᠠᠭᠤᠯᠢ ᠪᠠᠶᠢᠭᠤᠯᠬᠤ ᠠᠵᠢᠯ ᠢ ᠡᠬᠢᠯᠡᠭᠦᠯᠦᠨ᠎ᠡ︔ ᠨᠡᠷᠡᠳᠤ ᠡᠮᠴᠢ  ᠳᠠᠭᠠᠭᠤᠯᠤᠨ ᠬᠦᠮᠦᠵᠢᠭᠦᠯᠬᠦ᠂ ᠰᠢᠯᠢᠳᠡᠭ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠢᠨᠵᠧᠨᠧᠷᠢᠩ ᠢ ᠥᠷᠨᠢᠭᠦᠯᠵᠦ᠂ 982 ᠪᠠᠭᠰᠢ᠂ ᠡᠮᠴᠢᠯᠡᠭᠡᠨ ᠤ ᠮᠡᠷᠬᠡᠵᠢᠯᠳᠡᠨ ᠢ ᠡᠯᠰᠡᠨ ᠤᠷᠢᠬᠤ ᠠᠵᠢᠯᠯᠠᠭ᠎ᠠ ᠦᠷᠨᠢᠬᠦᠯᠦᠨ᠎ᠡ᠃ ᠪᠡᠭᠡᠵᠢᠩ ᠤᠨ ᠨᠠᠷᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠨᠢᠭᠡ ᠪᠦᠯᠦᠭ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ ᠳᠠᠬᠢᠨ ᠪᠠᠶᠢᠭᠤᠯᠵᠤ᠂ ᠳᠤᠮᠳᠠᠴᠢ ᠪᠠᠷ ᠭᠠᠷᠠᠭ ᠪᠦᠷᠢ ᠤᠯᠠᠭᠠᠨᠴᠠᠪ ᠲᠤ ᠣᠷᠣᠨ ᠤ ᠭᠠᠳᠠᠨᠠᠬᠢ 30 ᠠᠴᠠ ᠳᠡᠭᠡᠭᠰᠢ ᠲᠤᠰᠬᠠᠶ ᠮᠡᠷᠭᠡᠵᠢᠯᠲᠡᠨ ᠢ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠯᠭᠠᠨ᠎ᠠ᠃ ᠭᠤᠷᠪᠠ᠂ ︽ᠠᠶᠤᠯᠲᠠᠢ ᠪᠠ ᠬᠠᠭᠤᠴᠢᠨ︾᠃ ᠬᠤᠲᠠ ᠶᠢᠨ ᠲᠣᠭᠤᠷᠢᠭ ᠤᠨ 297 ᠢᠵᠢ ᠨᠤᠷᠠᠬᠤ ᠠᠶᠤᠯᠲᠠᠢ ᠬᠠᠭᠤᠴᠢᠨ ᠬᠡᠷ ᠪᠠᠶᠢᠰᠢᠩ᠂ ᠲᠠᠷᠢᠶᠠᠯᠠᠬᠤ ᠮᠠᠯᠵᠢᠬᠤ ᠣᠷᠣᠨ ᠤ 550 ᠡᠷᠦᠬᠡ ᠶᠢᠨ ᠨᠤᠷᠠᠬᠤ ᠠᠶᠤᠯᠲᠠᠢ ᠬᠡᠷ ᠪᠠᠶᠢᠰᠢᠩ ᠢ ᠰᠢᠨᠡᠳᠬᠡᠨ ᠵᠠᠰᠠᠵᠤ᠂ ᠬᠤᠳᠠ ᠪᠠᠯᠭᠠᠰᠤᠨ ᠤ 157 ᠬᠠᠭᠤᠴᠢᠨ ᠰᠠᠭᠤᠭᠠᠯᠢ ᠳᠤᠭᠤᠷᠢᠭ ᠢ ᠦᠬᠡᠷᠡᠴᠢᠯᠡᠵᠤ᠂ ᠰᠢᠨ᠎ᠡ ᠪᠠᠷ ᠠᠵᠢᠯ ᠡᠬᠢᠯᠡᠬᠦᠯᠦᠨ᠎ᠡ᠃ ᠲᠦᠷᠪᠡ᠂ ︽ᠵᠠᠰᠠᠮᠠᠯ ᠵᠠᠮ ᠪᠠ ᠲᠡᠮᠤᠷ ᠵᠠᠮ︾᠃ ᠮᠤᠵᠢ ᠶᠢᠨ ᠵᠠᠮ ᠤᠨ 22 ᠱᠤᠭᠤᠮ ᠤᠨ ᠪᠠᠶᠠᠨᠴᠠᠭᠠᠨ ᠠᠴᠠ ᠶᠦᠩ ᠲᠠᠢ ᠬᠥᠩ ᠬᠥᠷᠬᠦ ᠬᠤᠷᠳᠤᠨ ᠤ ᠵᠠᠰᠠᠮᠠᠯ ᠵᠠᠮ ᠤᠨ ᠭᠤᠤᠯ ᠴᠣᠭᠴᠠ ᠶᠢ ᠳᠡᠪᠢᠰᠴᠤ ᠳᠠᠭᠤᠰᠬᠠᠨ᠂ ᠮᠤᠵᠢ ᠶᠢᠨ ᠵᠠᠮ ᠤᠨ 235 ᠱᠤᠭᠤᠮ ᠤᠨ ᠵᠢᠨᠢᠩ ᠠᠴᠠ ᠱᠠᠩᠳᠤ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠠᠯᠢ ᠳᠦᠷᠬᠡᠨ ᠢᠶᠠᠷ ᠡᠬᠢᠯᠡᠨ ᠳᠡᠪᠢᠰᠬᠦ ᠶᠢ ᠵᠤᠬᠢᠴᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 320 ᠺᠢᠯᠣᠮᠧᠲᠷ ᠰᠢᠨ᠎ᠡ ᠪᠠᠷ ᠳᠡᠪᠢᠰᠦᠨ᠎ᠠ᠃ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ 111 ᠺᠢᠯᠣᠮᠧᠲᠷ ᠬᠡᠷᠡᠭᠵᠢᠭᠦᠯᠦᠨ᠎ᠡ᠃ ᠵᠢᠨᠢᠩ ᠳ᠋ᠠᠲ᠋ᠦ᠋ᠩ ᠶᠤᠸᠠᠨᠫᠢᠩ ᠤᠨ ᠬᠤᠷᠳᠤᠨ ᠤ ᠲᠡᠮᠦᠷ ᠵᠠᠮ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠳᠡᠷᠡᠬᠦᠯᠤᠨ᠎ᠠ᠃ ᠲᠠᠪᠤ᠂ ︽ᠬᠤᠭᠤᠯᠠᠢ ᠪᠠ ᠳᠤᠤᠷ︾᠃ ᠢᠯᠴᠢ ᠬᠠᠩᠭᠠᠬᠤ᠂ ᠰᠢᠳᠠᠮᠠᠬᠠᠢ ᠬᠡᠢ ᠳᠠᠮᠵᠢᠭᠤᠯᠬᠤ᠂ ᠤᠰᠤ ᠬᠠᠩᠭᠠᠬᠤ ᠤᠰᠤ ᠭᠠᠳᠠᠭᠰᠢᠭᠤᠯᠬᠤ ᠬᠤᠭᠤᠯᠠᠢ ᠶᠢ 272 ᠺᠢᠯᠣᠮᠧᠲᠷ ᠰᠢᠨᠡᠳᠬᠡᠵᠤ ᠦᠬᠡᠷᠡᠴᠢᠯᠡᠨ᠎ᠡ᠃ 219 ᠡᠷᠤᠬᠡ ᠪᠤᠶᠢᠳᠠ ᠪᠦᠭᠯᠡᠬᠦᠦ ᠲᠠᠷᠢᠶᠠᠯᠠᠬᠤ ᠮᠠᠯᠵᠢᠬᠤ ᠡᠷᠦᠬᠡ ᠶᠢᠨ ᠴᠠᠬᠢᠯᠭᠠᠨ ᠳᠤᠤᠷ ᠢ ᠤᠷᠳᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠳᠠᠭᠤᠰᠬᠠᠵᠤ ᠂ 48 ᠬᠠᠭᠤᠴᠢᠨ ᠰᠠᠭᠤᠭᠠᠯᠢ ᠳᠤᠭᠤᠷᠢᠭ ᠤᠨ ᠴᠠᠬᠢᠯᠭᠠᠨ ᠬᠠᠩᠭᠠᠬᠤ ᠳᠦᠬᠦᠬᠡᠷᠤᠮᠵᠢ ᠶᠢ ᠥᠭᠡᠷᠡᠴᠢᠯᠡᠨ᠂ 206 ᠴᠠᠬᠢᠯᠭᠠᠨ ᠴᠡᠨᠡᠭᠯᠡᠬᠦ ᠦᠷᠳᠡᠭᠡ ᠶᠢ ᠢᠵᠢ ᠪᠦᠷᠢᠳᠦᠬᠦᠯᠤᠨ ᠲᠣᠣᠷᠵᠢᠭᠤᠯᠵᠤ ᠦᠬᠡᠷᠡᠴᠢᠯᠡᠬᠦ ᠶᠢ ᠦᠷᠨᠢᠬᠦᠯᠦᠨ᠎ᠡ᠃ ︵ᠳᠣᠯᠤᠭ᠎ᠠ︶ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠲᠠᠬᠤ᠂ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠬᠢᠵᠢᠭᠦᠯᠦᠨ᠎ᠡ ᠣᠯᠠᠨ ᠠᠷᠭ᠎ᠠ ᠬᠡᠮᠵᠢᠶ᠎ᠡ ᠶᠢᠨ ᠵᠡᠷᠭᠡᠪᠡᠷ ᠬᠡᠷᠡᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠳᠤᠭᠤᠰᠢᠯᠠᠭᠤᠯᠬᠤ ᠳᠤᠬᠠᠢ ᠠᠷᠭ᠎ᠠ ᠪᠤᠳᠤᠯᠭ᠎ᠠ ᠤᠳ  ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠤᠯᠤᠭᠠᠨ ᠵᠢᠱᠢᠶᠡᠴᠢ ᠪᠣᠯᠬᠤ︾ ᠶᠠᠪᠤᠳᠠᠯ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠬᠦᠮᠦᠰ ᠤᠨ ᠰᠡᠳᠬᠢᠯ ᠳᠤ ᠬᠦᠨ ᠬᠠᠳᠠᠩᠰᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ +︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠬᠠᠷᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠡᠯ᠎ᠠ ᠦᠨᠳᠤᠰᠤᠳᠡᠨ ᠤ ᠠᠷᠠᠳ ᠲᠦᠮᠡᠨ ᠤ ᠴᠢᠩ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠷᠡᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠶᠢ ᠬᠦᠮᠦᠵᠢᠭᠦᠯᠦᠨ ᠵᠢᠯᠤᠭᠤᠳᠴᠤ᠂ ᠡᠭᠡ ᠤᠯᠤᠰ ᠤᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠡᠬᠦᠷᠢᠳᠡ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠴᠢᠩᠭ᠎ᠠ ᠪᠤᠳᠠᠲᠠᠢ ᠰᠡᠷᠭᠡᠶᠢᠯᠡᠨ ᠠᠷᠢᠯᠭᠠᠨ᠎ᠠ᠃ ᠤᠷᠤᠨ ᠰᠠᠭᠤᠴᠠ ᠠᠵᠤ ᠠᠬᠤᠶᠢᠯᠠᠯ ᠤᠨ ᠲᠦᠭᠰᠢᠭᠦᠷᠢ ᠶᠢ ᠯᠠᠪᠳᠠᠭᠤᠨ ᠪᠠᠳᠤᠳᠠᠢ ᠰᠢᠢᠳᠪᠤᠷᠢᠯᠡᠵᠤ᠂ ᠲᠠᠸᠠᠷ ᠤᠨ ᠣᠷᠣᠨ ᠰᠠᠭᠤᠴᠠ ᠶᠢᠨ ᠪᠡᠯᠡᠨ ᠪᠠᠶᠢᠰᠢᠩ ᠤᠨ ᠪᠣᠷᠣᠯᠠᠭᠤᠯᠭ᠎ᠠ ᠶᠢ ᠲᠤᠷᠰᠢᠨ ᠬᠡᠷᠡᠭᠵᠢᠭᠦᠯᠵᠦ᠂ ᠬᠡᠷ ᠪᠠᠶᠢᠰᠢᠩ ᠪᠠ ᠭᠠᠵᠠᠷ ᠬᠦᠷᠦᠩᠬᠡ ᠶᠢᠨ ᠬᠦᠭᠵᠢᠬᠦᠯᠤᠯᠳᠡ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ ᠤᠯᠤᠰ ᠤᠨ ᠥᠷᠢ ᠥᠭᠴᠡᠭᠡ ᠶᠢ ᠠᠷᠢᠯᠭᠠᠬᠤ ᠠᠯᠢ ᠤᠯᠠᠨ ᠲᠥᠷᠥ ᠶᠢᠨ ᠪᠣᠳᠣᠯᠭ᠎ᠠ ᠪᠠᠷ ᠳᠦᠰᠢᠭ ᠪᠤᠯᠭᠠᠨ᠂ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠲᠦᠭᠰᠢᠭᠦᠷᠢ ᠶᠡᠬᠡᠲᠡᠶ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠰᠢᠢᠳᠪᠤᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠵᠦᠸᠧᠽᠢ ᠰᠢᠶᠠᠨ᠂ ᠳᠥᠷᠪᠡᠳ ᠬᠤᠰᠢᠭᠤᠨ ᠤ ᠬᠥᠳᠡᠭᠡ ᠲᠣᠰᠬᠤᠨ ᠤ ᠢᠳᠡᠬᠡᠮᠵᠢᠳᠤ ᠬᠤᠷᠰᠢᠶ᠎ᠠ ᠶᠢᠨ ︽ᠮᠠᠯᠠᠭᠠᠶ ᠪᠠᠨ ᠲᠠᠶᠠᠭᠳᠠᠨ ᠡᠩᠨᠡᠭᠡ ᠠᠴᠠ ᠭᠠᠷᠬᠤ︾ ᠶᠢ ᠠᠬᠢᠭᠤᠯᠵᠤ᠂ ᠰᠢᠩ ᠾᠧ ᠰᠢᠶᠠᠨ ᠤ ᠮᠧᠩ ᠱᠠᠩ ᠳᠤᠰᠬᠤᠨ ᠪᠠᠯᠭᠠᠰᠤᠨ ᠤ ᠪᠠᠩᠬᠢ ᠶᠢ ᠨᠡᠶᠢᠯᠡᠭᠦᠯᠬᠦ ᠠᠵᠢᠯ ᠢ ᠪᠡᠶᠡᠯᠡᠭᠦᠯᠵᠦ᠂  ᠮᠥᠩᠭᠦᠨ ᠬᠦᠢᠯᠬᠡᠬᠡᠨ ᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠦᠴᠦ ᠪᠠᠨ ᠲᠥᠪᠯᠡᠷᠡᠭᠦᠯᠦᠨ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯ ᠥᠬᠡᠶ ᠦᠢᠯᠡᠳᠪᠤᠷᠢᠯᠠᠯ ᠤᠨ ︽ᠲᠠᠪᠤᠨ ᠵᠦᠢᠯ ᠤᠨ ᠲᠣᠭᠲᠠᠴᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠲᠤᠰᠬᠠᠶ ᠲᠣᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︽ᠳᠥᠷᠪᠡᠨ ᠬᠠᠮᠤᠭ ᠤᠨ ᠴᠢᠩᠭ᠎ᠠ︾ ᠪᠠᠷ ᠢᠳᠡᠭᠡᠨ ᠪᠠ ᠡᠮ ᠤᠨ ᠵᠦᠢᠯ ᠤᠨ ᠪᠥᠬᠦ ᠬᠡᠯᠬᠢᠶ᠎ᠡ ᠪᠥᠬᠦ ᠦᠶᠡᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠢ ᠢᠳᠡᠭᠡᠨ ᠤᠮᠳᠠᠭᠠᠨ᠂ ᠡᠮ ᠬᠡᠷᠡᠭᠯᠡᠬᠦ ᠳᠤ ᠨᠠᠩ ᠰᠠᠨᠠᠭ᠎ᠠ ᠠᠮᠤᠷ ᠪᠠᠶᠢᠯᠭᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠵᠦ᠂ ᠴᠠᠭ ᠠᠭᠤᠷ᠂ ᠭᠠᠵᠠᠷ ᠬᠥᠳᠡᠯᠦᠯᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠶ ᠶᠢᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠴᠡᠷᠢᠭ ᠤᠨ ᠠᠯᠪᠠᠨ ᠳᠤ ᠡᠯᠰᠡᠬᠦ ᠵᠡᠷᠭᠡ ᠠᠵᠢᠯ ᠢ  ᠴᠢᠩᠭᠠᠳᠬᠠᠨ᠎ᠠ᠃ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠡᠬᠦᠳᠤᠨ ᠪᠠᠶᠢᠭᠤᠯᠤᠯᠲᠠ ᠳᠤ ︽ᠳᠠᠪᠤᠨ ᠵᠢᠯ ᠳᠠᠷᠠᠭᠠᠯᠠᠨ  ᠮᠠᠩᠯᠠᠶᠢᠯᠠᠬᠤ︾ ᠪᠠᠷ ᠴᠢᠷᠮᠠᠶᠢᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠵᠢᠭᠠᠰᠤ ᠤᠰᠤ ᠮᠡᠳᠤ ᠪᠣᠯᠭᠠᠨ᠎ᠠ᠃ ᠣᠯᠠᠨ ᠡᠰᠢᠵᠢᠭᠦᠯᠦᠨ ᠬᠠᠮᠲᠤᠪᠠᠷ ᠵᠠᠰᠠᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠲᠣᠤᠷ ᠰᠦᠯᠵᠢᠶ᠎ᠡ + ᠳᠤᠤᠷᠵᠢᠯ︾ ᠤᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠪᠠ ᠨᠡᠶᠢᠭᠡᠮ ᠤᠨ ᠠᠵᠢᠯ ᠤᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ︽2121︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠵᠠᠰᠠᠯᠲᠠ ᠶᠢᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ᠂ ᠡᠬᠢ ᠪᠠᠶᠠᠯᠢᠭ ᠢ ᠳᠣᠷᠣᠭᠰᠢ ᠬᠡᠯᠪᠠᠶᠢᠯᠭᠡᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠳᠤᠷᠰᠢᠯᠭ᠎ᠠ︾ ᠶᠢ ᠪᠠᠷᠢᠮᠳᠠᠯᠠᠨ ᠬᠦᠭᠵᠢᠬᠦᠯᠵᠤ᠂ ᠰᠢᠶᠠᠨ ᠰᠢᠶᠠᠩ ᠳᠤᠰᠬᠤᠨ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠰᠢᠢᠳᠪᠤᠷᠢᠯᠡᠬᠦ ᠪᠠᠶᠢᠭᠤᠯᠤᠮᠵᠢ ᠶᠢᠨ ᠪᠣᠳᠠᠲᠤ ᠴᠤᠭᠴᠠᠵᠢᠭᠤᠯᠬᠤ ᠠᠵᠢᠯᠯᠠᠭᠠᠨ ᠢ ᠠᠬᠢᠭᠤᠯᠵᠤ᠂ ᠵᠦᠷᠢᠴᠠᠯ ᠮᠦᠷᠬᠦᠯᠳᠦᠬᠡᠨ ᠢ ᠦᠨᠳᠤᠰᠤᠨ ᠱᠠᠳᠤᠨ ᠳᠤ ᠰᠢᠢᠳᠪᠤᠷᠢᠯᠡᠬᠦ᠂ ᠰᠤᠶᠤᠭᠠᠯᠠᠯ ᠤᠨ ᠱᠠᠳᠤᠨ ᠳᠤ ᠰᠢᠢᠳᠪᠤᠷᠢᠯᠡᠬᠦ ᠪᠠᠷ ᠴᠢᠷᠮᠠᠶᠢᠨ᠎ᠠ᠃ ᠤᠯᠠᠨ ᠳᠦᠮᠡᠨᠴᠢ ᠴᠢᠨᠠᠷᠳᠠᠢ ᠠᠮᠤᠷ ᠳᠦᠪᠰᠢᠨ ᠢ ᠰᠡᠷᠬᠡᠶᠢᠯᠡᠨ ᠡᠵᠡᠮᠳᠡᠬᠦ ᠢᠨᠵᠧᠨᠧᠷᠢᠩ ᠢ ᠬᠦᠨᠵᠡᠬᠡᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠩ ᠥᠨᠳᠥᠷ ᠲᠦᠪᠰᠢᠨ ᠪᠥᠬᠦᠶ ᠠᠮᠤᠷ ᠲᠠᠶᠢᠪᠤᠩ ᠤᠯᠠᠭᠠᠨᠴᠠᠪ ᠢ ᠪᠥᠲᠥᠭᠡᠨ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ᠂ ᠵᠢᠳᠬᠦᠯ ᠭᠠᠷᠭᠠᠨ ᠦᠢᠯᠡᠰ ᠪᠦᠲᠦᠭᠡᠬᠦ ᠶᠢ ᠳᠡᠮᠵᠢᠵᠦ᠂ ᠠᠷᠠᠳ ᠤᠨ ᠰᠡᠳᠬᠢᠯ ᠠᠷᠠᠳ ᠤᠨ ᠬᠦᠴᠦᠨ ᠢ ᠨᠡᠩ ᠨᠢᠭᠲᠠᠷᠠᠭᠤᠯᠤᠨ᠎ᠠ᠃ ᠲᠦᠷᠪᠡ᠂ ᠵᠠᠰᠠᠭ ᠤᠨ ᠣᠷᠳᠣᠨ ᠤ ᠢᠳᠡᠬᠡᠮᠵᠢ ᠶᠢᠨ ᠬᠦᠴᠦᠨ ᠪᠠ ᠬᠡᠷᠡᠭᠵᠢᠬᠦᠯᠬᠦ  ᠬᠦᠴᠦᠨ ᠢ ᠦᠨᠡᠨ ᠬᠦ ᠴᠢᠩᠭᠠᠳᠬᠠᠨ᠎ᠠ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠳᠤᠳᠬᠠᠨ ᠥᠷᠭᠡᠳᠬᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠳᠡᠷᠡ ᠴᠢᠭ ᠢᠶᠠᠷ ᠨᠢ ᠳᠤᠭᠤᠰᠢᠯᠠᠭᠤᠯᠵᠤ᠂ ᠬᠡᠷᠡᠭᠵᠢᠭᠦᠯᠬᠦ ᠳᠤ ᠬᠡᠯᠪᠡᠶᠢᠯᠬᠡᠬᠦ ᠥᠬᠡᠶ ᠂ ᠬᠤᠪᠢᠷᠠᠭᠤᠯᠬᠤ ᠥᠬᠡᠶ᠂ ᠥᠭᠡᠷᠡᠲᠦᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠡᠯ᠎ᠡ ᠱᠠᠲᠤᠨ ᠤ ᠺᠠᠳ᠋ᠷᠴᠤᠳ ᠤᠨ ᠬᠠᠮᠤᠭ ᠤᠨ ᠢᠯᠡ ᠲᠣᠳᠣ ᠬᠡᠪ ᠰᠤᠷᠲᠠᠯ ᠪᠤᠯᠭᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃  ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠤᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠵᠦ᠂ ᠬᠢᠨᠠᠨ ᠪᠤᠳᠤᠯᠲᠠ ᠶᠢᠨ ᠬᠢᠨᠠᠯᠲᠠ᠂  ᠲᠤᠭ᠎ᠠ ᠪᠦᠷᠢᠳᠭᠡᠯ ᠤᠨ ᠬᠢᠨᠠᠯᠳᠠ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠡᠷᠬᠡ ᠶᠢ ᠢᠯᠡ ᠪᠠᠷ ᠶᠠᠪᠤᠭᠳᠠᠭᠤᠯᠤᠨ᠎ᠠ᠃ ᠢᠳᠡᠭᠡᠮᠵᠢᠳᠤ ᠪᠠᠶᠢᠭᠤᠯᠤᠯᠳᠠ ᠶᠢᠨ ᠢᠨᠵᠧᠨᠧᠷᠢᠩ ᠶᠢ ᠬᠡᠷᠡᠭᠵᠢᠭᠦᠯᠵᠦ᠂ ᠵᠠᠰᠠᠭ ᠤᠨ ᠤᠷᠳᠤᠨ ᠲᠣᠯᠣᠭᠠᠶᠢᠯᠠᠨ ᠠᠮᠠᠯᠠᠯᠳᠠ ᠪᠠᠨ ᠰᠠᠬᠢᠵᠤ᠂ ᠰᠢᠨ᠎ᠡ ᠲᠤᠰᠢᠶᠠᠯᠲᠠᠨ ᠡᠷᠬᠡᠪᠰᠢ ᠬᠠᠭᠤᠴᠢᠨ ᠳᠠᠩᠰᠠ ᠶᠢ ᠰᠢᠢᠳᠪᠦᠷᠢᠯᠡᠨ᠎ᠡ᠃   ᠪᠣᠳᠠᠲᠠᠶ ᠶᠢ ᠡᠷᠬᠢᠮᠯᠡᠨ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠬᠠᠭᠤᠳᠠᠰᠤ ᠳᠤᠰᠢᠶᠠᠬᠤ ᠤᠬᠠᠮᠰᠠᠷ ᠢᠶᠠᠨ ᠳᠡᠬᠡᠭᠰᠢᠯᠡᠬᠦᠯᠵᠤ᠂ ᠠᠵᠢᠯ ᠶᠠᠪᠤᠳᠠᠯ ᠬᠢᠬᠦ ᠳᠡᠭᠡᠨ ᠦᠷ᠎ᠡ ᠪᠦᠲᠦᠮᠵᠢ ᠶᠢ ᠡᠷᠬᠢᠮᠯᠡᠵᠦ᠂ ᠠᠵᠢᠯ ᠳᠠᠭᠠᠨ ᠦᠷ᠎ᠡ ᠪᠦᠲᠦᠮᠵᠢ ᠶᠢ ᠬᠥᠭᠡᠭᠡᠴᠡᠯᠳᠦᠵᠦ᠂ ᠡᠯ᠎ᠡ ᠲᠠᠯ᠎ᠠ ᠶᠢᠨ ᠬᠢᠨ ᠤ ᠦᠷ᠎ᠡ ᠠᠰᠢᠭ ᠢ ᠳᠡᠬᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠤᠬᠠᠶ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠥᠨᠳᠥᠷ ᠦᠷ᠎ᠡ ᠪᠦᠲᠦᠮᠵᠢᠲᠡᠶ ᠪᠠᠷ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠤᠷᠢᠯᠡᠵᠤ᠂ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠵᠦ᠂ ᠦᠨᠳᠦᠰᠦᠨ ᠱᠠᠲᠤᠨ ᠤ  ᠨᠠᠶᠢᠳᠠᠪᠤᠷᠢᠵᠢᠭᠤᠯᠤᠯᠳᠠ ᠶᠢ ᠠᠳᠬᠤᠬᠤ ᠳᠤ ᠨᠡᠩ ᠤᠯᠠᠨ ᠴᠠᠭ ᠦᠯᠡᠳᠡᠬᠡᠵᠤ ᠦᠭᠬᠦᠨ᠎ᠡ᠃   ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠷᠪᠢᠴᠢ ᠭᠠᠮᠲᠠᠢ ᠠᠮᠢᠳᠤᠷᠠᠨ᠂ ᠵᠤᠭᠤᠰ ᠮᠦᠩᠬᠦ ᠶᠢ ᠵᠠᠩᠬᠢᠯᠠᠭ᠎ᠠ ᠶᠢᠨ ᠭᠠᠵᠠᠷ ᠲᠤ ᠬᠡᠷᠡᠭᠯᠡᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ  ᠬᠠᠳᠠᠭᠠᠯᠠᠨ᠎ᠠ᠃ ᠲᠥᠯᠥᠭᠡᠯᠡᠭᠴᠢᠳ ᠡ᠂ ᠲᠥᠯᠵᠢᠬᠦ ᠬᠠᠪᠤᠷ ᠰᠠᠭᠠᠲᠠᠨ᠂ ᠲᠦᠮᠡᠨ ᠪᠤᠳᠠᠰ ᠠᠮᠢᠯᠠᠯ ᠤᠨ ᠬᠦᠴᠦᠨ ᠢᠶᠠᠷ ᠪᠢᠯᠬᠠᠨᠠᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠲᠠᠭᠠᠭᠤᠯᠭ᠎ᠠ ᠳᠣᠣᠷ᠎ᠠ᠂ ᠠᠴᠢ ᠬᠠᠷᠢᠭᠤᠯᠠᠨ ᠡᠷᠡᠯᠬᠡᠭᠯᠡᠨ ᠳᠡᠮᠡᠴᠠᠵᠤ  ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2